ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠡᠯᠡ ᠮᠥᠩᠭᠦ ᠶᠢᠨ ᠲᠥᠪ ᠬᠢᠭᠡᠳ ᠬᠥᠬᠡᠬᠤᠲᠠ ᠶᠢᠨ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠤᠭ᠎ᠠ ᠪᠠᠷᠢᠮᠲᠠ ᠶᠢ ᠰᠢᠭᠤᠳ ᠬᠤᠯᠪᠣᠯᠳᠤᠭᠤᠯᠤᠨ ᠬᠠᠮᠲᠤ ᠪᠠᠷ ᠡᠳ᠋ᠯᠡᠬᠦ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠬᠤᠶᠠᠷ ᠪᠠᠶᠢᠭᠤᠯᠭ᠎ᠠ ᠶᠢᠨ ᠬᠤᠭᠤᠷᠣᠨᠳᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢ ᠡᠰᠡᠷᠭᠦᠯᠡᠨ ᠤᠰᠠᠳᠬᠠᠬᠤ ᠴᠢᠳᠠᠮᠵᠢ ᠶᠢ | ᠪᠡᠶᠡᠯᠡᠭᠦᠯᠵᠡᠢ᠃ ᠲᠤᠰᠢᠶᠠᠨ ᠬᠠᠳᠠᠭᠠᠯᠠᠭᠤᠯᠬᠤ ᠠᠵᠢᠯᠲᠠᠨ ᠠᠵᠢᠯᠴᠢᠨ ᠲᠤᠰᠢᠶᠠᠨ ᠬᠠᠳᠠᠭᠠᠯᠠᠭᠤᠯᠬᠤ ᠲᠥᠪ ᠲᠠᠢ ᠵᠣᠬᠢᠴᠠᠯᠳᠤᠭᠰᠠᠨ ᠸᠢᠴᠠᠲ ᠤᠨ ᠨᠡᠶᠢᠲᠡ ᠶᠢᠨ | ᠳ᠋ᠤᠭᠠᠷ ᠪᠤᠶᠤ ᠯᠠᠩᠭᠦᠢ ᠪᠠᠷ ᠳᠠᠮᠵᠢᠭᠤᠯᠤᠨ ︽ᠨᠢᠭᠡ ᠯᠡ ᠤᠳᠠᠭ᠎ᠠ ᠳᠤ ᠭᠡᠷ᠎ᠡ ᠲᠣᠭᠲᠠᠵᠤ᠂ ᠰᠠᠷ᠎ᠠ ᠪᠠᠷ ᠡᠰᠡᠷᠭᠦᠯᠡᠨ ᠤᠰᠠᠳᠬᠠᠬᠤ︾ ᠶᠢ ᠪᠡᠶᠡᠯᠡᠭᠦᠯᠵᠦ ᠪᠣᠯᠣᠨ᠎ᠠ᠂ | ᠪᠥᠬᠦ ᠶᠠᠪᠤᠴᠠ ᠳᠤ ᠶᠠᠮᠠᠷ ᠴᠤ ᠮᠠᠲ᠋ᠧᠷᠢᠶᠠᠯ ᠬᠠᠩᠭᠠᠬᠤ ᠴᠢᠬᠤᠯᠠ ᠦᠭᠡᠢ᠃ ᠲᠣᠰ ᠴᠢᠳᠠᠮᠵᠢ ᠶᠢ ᠨᠡᠪᠲᠡᠷᠡᠭᠦᠯᠦᠭᠰᠡᠨ ᠨᠢ ᠬᠤᠶᠠᠷ ᠪᠠᠶᠢᠭᠤᠯᠭ᠎ᠠ ᠶᠢᠨ ᠲᠦᠮᠡ ᠰᠢᠬᠠᠮ | ᠵᠢᠭᠡᠯᠡᠯᠭᠡ ᠠᠪᠤᠭᠰᠠᠨ ᠠᠵᠢᠯᠲᠠᠨ ᠠᠵᠢᠯᠴᠢᠨ ᠳᠤ ᠠᠰᠢᠭ ᠬᠦᠷᠲᠡᠭᠡᠵᠦ᠂ ᠵᠢᠯ ᠪᠦᠷᠢ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠲᠤᠭ᠎ᠠ ᠶᠢ 2500 ᠬᠤᠪᠢ | ᠪᠠᠭᠠᠰᠬᠠᠵᠤ᠂ ᠵᠢᠭᠡᠯᠡᠯᠭᠡ ᠪᠤᠴᠠᠭᠠᠬᠤ ᠪᠡᠯᠡ ᠮᠥᠩᠭᠦ ᠶᠢ ᠪᠠᠷᠤᠭ 7300 ᠲᠦᠮᠡᠨ ᠲᠥᠭᠦᠷᠢᠭ ᠭᠠᠷᠭᠠᠨ ᠠᠪᠬᠤ ᠳᠤ ᠬᠤᠯᠪᠣᠭᠳᠠᠨ᠎ᠠ᠃ | ᠡᠰᠡᠷᠭᠦᠯᠡᠨ ᠤᠰᠠᠳᠬᠠᠬᠤ ᠵᠢᠭᠡᠯᠡᠯᠭᠡ ᠪᠤᠴᠠᠭᠠᠬᠤ ᠲᠦᠪ ᠤᠨ ᠲᠤᠬᠠᠶᠢᠯᠠᠭᠰᠠᠨ ᠠᠵᠢᠯ ᠪᠣᠯ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠡᠯᠡ | ᠮᠥᠩᠭᠦ ᠶᠢᠨ ᠲᠥᠪ ᠤᠨ ︽ᠮᠠᠲ᠋ᠧᠷᠢᠶᠠᠯ ᠦᠭᠡᠢ︾ ︽ᠨᠢᠭᠡ ᠯᠡ ᠳᠠᠷᠤᠪᠴᠢ ᠪᠠᠷ ᠭᠦᠢᠴᠡᠳᠬᠡᠬᠦ︾ ᠥᠨᠳᠥᠷ ᠳᠠᠪᠲᠠᠮᠵᠢ ᠶᠢᠨ ᠲᠤᠬᠠᠶᠢᠯᠠᠭᠰᠠᠨ ᠠᠵᠢᠯ ᠤᠨ ᠨᠢᠭᠡ | ᠪᠣᠯᠣᠨ᠎ᠠ᠃ ᠡᠨᠡ ᠵᠢᠯ ᠪᠠᠰᠠ ᠭᠡᠷ ᠪᠠᠶᠢᠰᠢᠩ ᠬᠤᠳᠠᠯᠳᠤᠨ ᠠᠪᠬᠤ ᠳᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠬᠤ᠂ ᠬᠤᠳᠠᠯᠳᠤᠭᠠᠨ ᠤ | ᠵᠢᠭᠡᠯᠡᠯᠭᠡ ᠶᠢ ᠡᠰᠡᠷᠭᠦᠯᠡᠨ ᠤᠰᠠᠳᠬᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠠᠪᠤᠴᠠ ᠶᠢ ᠲᠠᠰ ᠳᠡᠪᠰᠢᠭᠦᠯᠬᠦ ᠠᠵᠢᠯ ᠢ ᠪᠡᠶᠡᠯᠡᠭᠦᠯᠵᠦ᠂ ᠲᠤᠰᠢᠶᠠᠨ | ᠬᠠᠳᠠᠭᠠᠯᠠᠭᠤᠯᠬᠤ ᠠᠵᠢᠯᠲᠠᠨ ᠠᠵᠢᠯᠴᠢᠨ ᠤ ᠪᠠᠶᠢᠩᠭᠤ ᠭᠦᠢᠴᠡᠳᠬᠡᠬᠦ ᠲᠤᠬᠠᠶᠢᠯᠠᠭᠰᠠᠨ ᠠᠵᠢᠯ ᠳᠤ ᠴᠥᠮ ︽ᠮᠠᠲ᠋ᠧᠷᠢᠶᠠᠯ ᠦᠭᠡᠢ︾ ︽ᠨᠢᠭᠡ ᠯᠡ ᠳᠠᠷᠤᠪᠴᠢ ᠪᠠᠷ | ᠭᠦᠢᠴᠡᠳᠬᠡᠬᠦ︾ ᠶᠢ ᠪᠡᠶᠡᠯᠡᠭᠦᠯᠵᠦ᠂ ᠥᠷᠭᠡᠨ ᠣᠯᠠᠨ ᠲᠤᠰᠢᠶᠠᠨ ᠬᠠᠳᠠᠭᠠᠯᠠᠭᠤᠯᠬᠤ ᠠᠵᠢᠯᠲᠠᠨ ᠠᠵᠢᠯᠴᠢᠨ ᠳᠤ ᠲᠤᠶᠢᠯ ᠤᠨ ᠶᠡᠭᠡ ᠲᠥᠬᠦᠮ ᠦᠵᠡᠭᠦᠯᠬᠦ ᠪᠤᠯᠤᠨ᠎ᠠ᠃ | | |