ᠦᠬᠠᠶ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠵᠠᠰᠠᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2023/4/21
  ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠦᠬᠠᠶ ᠬᠤᠲᠠ ᠶᠢᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠵᠠᠰᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠨ ᠪᠠᠶᠢᠴᠠᠭᠠᠬᠤ ᠠᠵᠢᠯ ᠢ ᠦᠷᠨᠢᠭᠦᠯᠵᠦ᠂ ᠠᠳᠡᠯ ᠤᠨ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠨ᠂ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠵᠤ᠂ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠦᠬᠠᠶ ᠬᠤᠲᠠ ᠶᠢᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃  ᠰᠢᠯᠭᠠᠨ ᠦᠨᠡᠯᠡᠬᠦ ᠲᠣᠭᠲᠠᠴᠠ ᠶᠢ ᠪᠠᠶᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠪᠠ᠃ ᠦᠬᠠᠶ ᠬᠤᠲᠠ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ  ᠢ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠤᠯᠤᠰ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠲᠠᠢ ᠨᠢᠭᠲᠠ ᠤᠶᠠᠯᠳᠤᠭᠤᠯᠤᠨ᠂ ᠲᠡᠮᠦᠷ ᠵᠠᠮ ᠬᠠᠮᠠᠭᠠᠯᠠᠬᠤ ᠬᠤᠯᠪᠣᠭᠠᠯᠠᠨ ᠰᠡᠷᠭᠡᠶᠢᠯᠡᠬᠦ ᠠᠵᠢᠯ ᠢ ᠠᠮᠤᠷ ᠠᠮᠤᠭᠤᠯᠠᠩ ᠦᠬᠠᠶ ᠶᠢᠨ ᠪᠥᠲᠥᠭᠡᠨ ᠪᠠᠶᠢᠭᠤᠯᠤᠯᠲᠠ ᠶᠢᠨ ᠰᠢᠯᠭᠠᠨ ᠦᠨᠡᠯᠡᠬᠦ ᠰᠢᠰᠲ᠋ᠧᠮᠵᠢ ᠳᠤ ᠣᠷᠣᠭᠤᠯᠵᠤ᠂ ᠤᠳᠤᠷᠢᠳᠬᠤ ᠳᠤᠭᠤᠶᠢᠯᠠᠩ ᠤᠨ ᠲᠡᠮᠦᠷ ᠵᠠᠮ ᠬᠠᠮᠠᠭᠠᠯᠠᠬᠤ ᠬᠤᠯᠪᠣᠭᠠᠯᠠᠨ ᠰᠡᠷᠭᠡᠶᠢᠯᠡᠬᠦ ᠲᠤᠰᠬᠠᠶ ᠠᠵᠢᠯ ᠤᠨ ᠳᠤᠭᠤᠶᠢᠯᠠᠩ ᠢ ᠪᠠᠶᠢᠭᠤᠯᠵᠤ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃  ᠬᠠᠮᠲᠤᠷᠠᠨ ᠲᠣᠭᠤᠷᠢᠨ ᠪᠠᠶᠢᠴᠠᠭᠠᠬᠤ ᠶᠢ ᠨᠠᠶᠢᠳᠠᠪᠤᠷᠢᠵᠢᠭᠤᠯᠵᠤ᠂ ᠬᠠᠮᠢᠶᠠᠷᠤᠨ ᠡᠵᠡᠮᠳᠡᠬᠦ ᠴᠢᠳᠠᠪᠤᠷᠢ ᠪᠠᠨ ᠲᠡᠭᠡᠭᠰᠢᠯᠡᠭᠦᠯᠪᠡ᠃ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠳᠠᠯᠳᠠ ᠭᠡᠮ ᠢ ᠰᠠᠷ᠎ᠠ ᠪᠦᠷᠢ ᠬᠠᠮᠲᠤᠷᠠᠨ ᠲᠣᠭᠤᠷᠢᠨ ᠪᠠᠶᠢᠴᠠᠭᠠᠵᠤ᠂ ᠲᠡᠮᠦᠷ ᠵᠠᠮ ᠳᠠᠭᠠᠤ ᠳᠤ ᠣᠷᠣᠰᠢᠵᠤ ᠪᠠᠶᠢᠭ᠎ᠠ ᠬᠥᠪᠦᠮᠡᠯ ᠪᠣᠳᠠᠰ᠂ ᠬᠠᠤᠯᠢ ᠠᠴᠠ ᠵᠥᠷᠢᠴᠡᠨ ᠪᠠᠷᠢᠯᠭ᠎ᠠ ᠪᠠᠷᠢᠬᠤ᠂ ᠲᠣᠭᠲᠠᠭᠠᠯ ᠠᠴᠠ ᠵᠥᠷᠢᠴᠡᠨ ᠪᠠᠷᠢᠯᠭ᠎ᠠ ᠪᠠᠷᠢᠵᠤ ᠭᠠᠵᠠᠷ ᠡᠵᠡᠯᠡᠬᠦ ᠵᠢᠴᠢ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠢ ᠰᠦᠷᠳᠡᠭᠦᠯᠵᠦ ᠮᠡᠳᠡᠬᠦ ᠪᠠᠶᠢᠭᠠᠯᠢ ᠶᠢᠨ ᠭᠠᠮᠰᠢᠭ ᠵᠡᠷᠭᠡ ᠠᠮᠤᠷ ᠲᠦᠪᠰᠢᠨ ᠤ ᠳᠠᠯᠳᠠ ᠭᠡᠮ ᠢ ᠭᠤᠤᠯᠳᠠᠯᠭ᠎ᠠ ᠲᠠᠢ ᠪᠠᠷ ᠵᠢᠭᠰᠠᠭᠠᠨ ᠪᠠᠶᠢᠴᠠᠭᠠᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠂ ᠳᠠᠯᠳᠠ ᠭᠡᠮ ᠢ ᠪᠥᠬᠦ ᠲᠠᠯ᠎ᠠ ᠪᠠᠷ᠂ ᠥᠨᠴᠥᠭ ᠪᠤᠯᠤᠩ ᠥᠬᠡᠶ ᠵᠢᠭᠰᠠᠭᠠᠨ ᠪᠠᠶᠢᠴᠠᠭᠠᠬᠤ ᠶᠢ ᠦᠨᠡᠨ ᠬᠦ ᠪᠠᠲᠤᠯᠠᠵᠤ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠬᠦᠴᠦᠨ ᠢ ᠬᠠᠮᠲᠤ ᠪᠠᠷ ᠲᠡᠭᠡᠭᠰᠢᠯᠡᠭᠦᠯᠪᠡ᠃  ᠤᠬᠠᠭᠤᠯᠭ᠎ᠠ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠵᠠᠮ ᠬᠠᠮᠠᠭᠠᠯᠠᠬᠤ ᠤᠬᠠᠮᠰᠠᠷ ᠢ ᠲᠡᠭᠡᠭᠰᠢᠯᠡᠭᠦᠯᠪᠡ᠃ ᠦᠬᠠᠶ ᠬᠤᠲᠠ ᠶᠢᠨ ᠲᠡᠮᠦᠷ ᠵᠠᠮ ᠤᠨ ᠠᠮᠤᠷ ᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠢ ᠵᠠᠮ ᠬᠠᠮᠠᠭᠠᠯᠠᠬᠤ ᠠᠯᠪᠠᠨ ᠬᠡᠷ᠂ ᠲᠡᠷᠭᠡᠨ ᠥᠷᠲᠡᠭᠡᠨ ᠤ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠲᠡᠮᠦᠷ ᠵᠠᠮ ᠳᠠᠭᠠᠤ ᠶᠢᠨ ᠬᠠᠤᠯᠢ ᠲᠦᠷᠢᠮ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠡᠮᠦᠷ ᠵᠠᠮ ᠳᠠᠭᠠᠤ ᠶᠢᠨ ᠰᠤᠷᠭᠠᠭᠤᠯᠢ ᠪᠠ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠵᠠᠮ ᠢ ᠬᠠᠶᠢᠷᠠᠯᠠᠵᠤ ᠬᠠᠮᠠᠭᠠᠯᠠᠬᠤ ᠬᠥᠮᠦᠵᠢᠯ ᠢ ᠥᠷᠨᠢᠭᠦᠯᠵᠦ᠂ ᠲᠡᠮᠦᠷ ᠵᠠᠮ ᠤᠨ ᠵᠠᠮ ᠬᠠᠮᠠᠭᠠᠯᠠᠬᠤ ᠴᠢᠬᠤᠯᠠ ᠠᠴᠢ ᠬᠤᠯᠪᠣᠭᠳᠠᠯ ᠢ ᠤᠬᠠᠭᠤᠯᠤᠨ᠂ ᠵᠠᠮ ᠬᠠᠮᠠᠭᠠᠯᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠡᠯ᠎ᠡ ᠲᠥᠷᠥᠯ ᠤᠨ ᠬᠡᠷᠡᠭ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠵᠤ᠂ ᠨᠡᠶᠢᠭᠡᠮ ᠳᠠᠶᠠᠭᠠᠷ ᠬᠠᠮᠲᠤ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠪᠠ᠃  ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ ᠶᠢ ᠪᠠᠶᠢᠭᠤᠯᠤᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠷᠠᠭᠤᠯᠪᠠ᠃ ᠦᠬᠠᠶ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠮᠠᠭᠠᠯᠠᠬᠤ ᠠᠯᠪᠠᠨ ᠬᠡᠷ ︽ᠦᠬᠠᠶ ᠬᠤᠲᠠ ᠶᠢᠨ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠳᠤ ᠭᠡᠨᠡᠳᠲᠡ ᠶᠢᠨ ᠠᠶᠤᠯ ᠲᠦᠭᠰᠢᠭᠦᠷᠢ ᠤᠴᠠᠷᠠᠭᠤᠯᠤᠭᠰᠠᠨ ᠠᠳᠡᠯ ᠢ ᠠᠷᠭᠠᠴᠠᠬᠤ ᠵᠢᠴᠢ 110 ᠵᠢᠯᠣᠭᠤᠳᠬᠤ ᠲᠥᠪ᠂ 12345 ᠬᠤᠲᠠ ᠶᠢᠨ ᠠᠷᠠᠳ ᠤᠨ ᠬᠠᠯᠠᠮᠰᠢᠯ ᠤᠲᠠᠰᠤ ᠶᠢ ᠲᠡᠮᠦᠷ ᠵᠠᠮ ᠤᠨ 95105117 ᠪᠠᠴᠢᠮ ᠪᠠᠶᠢᠳᠠᠯ ᠢ ᠠᠷᠭᠠᠴᠠᠬᠤ ᠤᠳᠠᠰᠤᠨ ᠤ ᠠᠵᠢᠯ ᠤᠨ ᠲᠦᠷᠢᠮ︾ ᠢ ᠨᠡᠶᠢᠲᠡᠯᠡᠵᠦ᠂ ᠲᠡᠮᠦᠷ ᠵᠠᠮ ᠤᠨ ᠪᠠᠴᠢᠮ ᠪᠠᠶᠢᠳᠠᠯ ᠢ ᠠᠷᠭᠠᠴᠠᠬᠤ ᠪᠠᠶᠢᠳᠠᠯ  ᠢ ᠰᠢᠯᠵᠢᠭᠦᠯᠦᠨ ᠬᠦᠯᠢᠶᠡᠨ ᠠᠪᠬᠤ ᠠᠵᠢᠯ ᠤᠨ ᠲᠣᠭᠲᠠᠴᠠ ᠶᠢ ᠪᠠᠶᠢᠭᠤᠯᠪᠠ᠂ ᠬᠡᠷᠪᠡ ᠬᠤᠲᠠ ᠶᠢᠨ ᠠᠷᠠᠳ ᠲᠡᠮᠦᠷ ᠵᠠᠮ ᠤᠨ ᠠᠮᠤᠷ ᠲᠦᠪᠰᠢᠨ ᠳᠠᠭᠠᠤ ᠶᠢᠨ ᠠᠮᠤᠷ ᠲᠦᠪᠰᠢᠨ ᠤ ᠳᠠᠯᠳᠠ ᠭᠡᠮ ᠢ ᠣᠯᠵᠤ ᠮᠡᠳᠡᠪᠡᠯ 110᠂ 12345 ᠶᠢ ᠤᠲᠠᠰᠤᠳᠠᠪᠠᠯ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ 95105117 ᠳᠤ ᠰᠢᠯᠵᠢᠭᠦᠯᠦᠨ ᠲᠤᠰᠴᠦ ᠪᠠᠴᠢᠮ ᠪᠠᠶᠢᠳᠠᠯ ᠢ ᠠᠷᠭᠠᠴᠠᠬᠤ ᠤᠲᠠᠰᠤ ᠪᠠᠷ ᠪᠠᠶᠢᠳᠠᠯ ᠢ ᠲᠤᠰᠬᠠᠵᠤ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠲᠡᠷᠡ ᠳᠠᠷᠤᠶ ᠳᠤᠨᠢ ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠣᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ