ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ︽ᠨᠢᠭᠡ ᠨᠠᠭᠤᠷ ᠬᠤᠶᠠᠷ ᠲᠡᠯᠡᠶ ︾ ᠶᠢ ᠶᠡᠷᠦᠩᠬᠡᠶᠢᠯᠡᠨ ᠵᠠᠰᠠᠬᠤ ᠲᠤᠰᠬᠠᠢ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/21
   3 ᠳ᠋ᠤᠭᠠᠷ ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ︽ᠨᠢᠭᠡ ᠨᠠᠭᠤᠷ ᠬᠤᠶᠠᠷ ᠲᠡᠯᠡᠶ︾ ᠶᠢᠨ ᠶᠡᠷᠦᠩᠬᠡᠶᠢᠯᠡᠨ ᠵᠠᠰᠠᠬᠤ ᠲᠤᠰᠬᠠᠢ ᠠᠵᠢᠯ ᠤᠨ ᠤᠳᠤᠷᠢᠳᠬᠤ ᠳᠤᠭᠤᠶᠢᠯᠠᠩ 2023 ᠣᠨ ᠤ ᠠᠩᠬᠠᠳᠤᠭᠠᠷ ᠤᠳᠠᠭ᠎ᠠ ᠶᠢᠨ ᠵᠤᠷᠰᠢᠯᠳᠦ ᠬᠤᠷᠠᠯ ᠬᠤᠷᠠᠯᠳᠤᠭᠤᠯᠪᠠ᠃ ᠲᠢᠩᠬᠢᠮ ᠤᠨ ᠨᠢᠭᠡᠳᠦᠭᠡᠷ ᠲᠡᠰ ᠤᠨ ᠲᠣᠭᠤᠷᠢᠨ ᠪᠠᠶᠢᠴᠠᠭᠠᠭᠴᠢ ᠵᠢᠶᠧ ᠰᠢᠨ ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
3.png
   ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠬᠤᠯᠪᠣᠭᠳᠠᠭᠰᠠᠨ 2023 ᠣᠨ ᠤ ᠠᠵᠢᠯ ᠤᠨ ᠡᠭᠦᠷᠭᠡ ᠪᠠ ᠬᠢᠨᠠᠨ ᠬᠠᠮᠢᠶᠠᠷᠬᠤ ᠲᠥᠷᠥᠯ ᠵᠦᠢᠯ ᠤᠨ ᠨᠠᠷᠢᠨ ᠲᠠᠩᠰᠠ ᠶᠢ ᠬᠢᠨᠠᠮᠠᠭᠠᠢ ᠡᠮᠬᠢᠯᠡᠵᠦ᠂ 2023 ᠣᠨ ᠤ ︽ᠨᠢᠭᠡ ᠨᠠᠭᠤᠷ ᠬᠤᠶᠠᠷ ᠲᠡᠯᠡᠶ︾ ᠶᠢ ᠶᠡᠷᠦᠩᠬᠡᠶᠢᠯᠡᠨ ᠵᠠᠰᠠᠬᠤ ᠠᠵᠢᠯ ᠢ ᠢᠳᠡᠪᠬᠢᠲᠡᠢ ᠥᠷᠨᠢᠭᠦᠯᠵᠦ᠂ ᠬᠢᠨᠠᠯᠲᠠ ᠬᠠᠮᠢᠶᠠᠷᠤᠯᠲᠠ᠂ ᠮᠡᠷᠭᠡᠵᠢᠯ ᠤᠨ ᠵᠢᠯᠣᠭᠤᠳᠤᠯᠭ᠎ᠠ ᠵᠡᠷᠭᠡ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ ᠭᠡᠵᠦ ᠱᠠᠭᠠᠷᠳᠠᠪᠠ᠃
6.png
   ᠬᠤᠷᠠᠯ ᠠᠴᠠ᠂ ᠡᠳᠦᠷ ᠳᠤᠳᠤᠮ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠶᠡᠷᠦᠩᠬᠡᠶᠢᠯᠡᠨ ᠵᠠᠰᠠᠬᠤ ᠭᠦᠢᠴᠡᠳᠬᠡᠯ ᠲᠤᠭ᠎ᠠ ᠶᠢᠨ ᠳᠣᠲᠣᠷᠠᠬᠢ 2022 ᠣᠨ ᠤ ᠪᠡᠶᠡᠯᠡᠭᠦᠯᠦᠭᠰᠡᠨ ᠪᠠᠶᠢᠳᠠᠯ ᠳᠤ ᠬᠢᠨᠠᠨ ᠬᠡᠮᠵᠢᠯᠲᠡ ᠦᠨᠡᠯᠡᠯᠲᠡ ᠬᠢᠵᠦ᠂ ᠬᠢᠵᠠᠭᠠᠷᠯᠠᠬᠤ ᠭᠦᠢᠴᠡᠳᠬᠡᠯ ᠲᠤᠭ᠎ᠠ ᠶᠢᠨ ᠪᠡᠶᠡᠯᠡᠭᠳᠡᠬᠦ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ ᠰᠢᠢᠳᠪᠦᠷᠢᠯᠡᠨ᠎ᠡ᠃ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠲᠣᠭᠲᠠᠭᠰᠠᠨ ᠴᠠᠭ ᠲᠠᠭᠠᠨ ᠠᠵᠢᠯ ᠢᠶᠠᠨ ᠡᠬᠢᠯᠡᠭᠦᠯᠦᠨ ᠰᠡᠷᠭᠦᠭᠡᠬᠦ ᠶᠢ ᠦᠨᠡᠨᠬᠦ ᠪᠠᠳᠤᠯᠠᠨ᠎ᠠ᠃ ᠲᠥᠷᠥᠯ ᠵᠦᠢᠯ ᠤᠨ ᠠᠬᠢᠴᠠ ᠶᠢᠨ ᠲᠤᠬᠢᠷᠠᠭᠤᠯᠤᠯᠳᠠ ᠶᠤᠰᠤᠭᠠᠷ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠨ᠂ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨᠬᠦ ᠪᠠᠳᠤᠯᠠᠨ᠎ᠠ ᠭᠡᠵᠦ ᠴᠢᠬᠤᠯᠠᠴᠢᠯᠠᠪᠠ᠃   ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠭᠠᠵᠠᠷ ᠭᠡᠷ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠬᠥᠯᠥᠨ ᠪᠤᠶᠢᠷ ᠬᠤᠲᠠ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ ᠶᠢᠨ ᠬᠤᠪᠢᠳᠠᠨ ᠬᠠᠮᠢᠶᠠᠷᠴᠤ ᠪᠠᠶᠢᠭ᠎ᠠ ︽ᠨᠢᠭᠡ ᠨᠠᠭᠤᠷ ᠬᠤᠶᠠᠷ ᠲᠡᠯᠡᠶ︾ ᠶᠢᠨ ᠶᠡᠷᠦᠩᠬᠡᠶᠢᠯᠡᠨ ᠵᠠᠰᠠᠬᠤ ᠲᠤᠰᠬᠠᠢ ᠠᠵᠢᠯ ᠤᠨ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ