ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠬᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠠᠶᠤᠯᠭᠦᠢ ᠦᠢᠯᠡᠳᠪᠦᠷᠢᠯᠡᠯ ᠢ ᠰᠣᠯᠪᠢᠴᠠᠨ ᠬᠠᠷᠢᠯᠴᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠪᠣᠯᠪᠠᠰᠤᠷᠠᠭᠤᠯᠤᠯ ᠤᠨ ᠸᠢᠳᠢᠤ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/23
  4 ᠳ᠋ᠦ᠋ᠭᠡᠷ ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠠᠶᠤᠯᠭᠦᠢ ᠦᠢᠯᠡᠳᠪᠦᠷᠢᠯᠡᠯ ᠤᠨ ᠰᠣᠯᠪᠢᠴᠠᠨ ᠬᠠᠷᠢᠯᠴᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠪᠣᠯᠪᠠᠰᠤᠷᠠᠭᠤᠯᠤᠯ ᠤᠨ ᠸᠢᠳᠢᠤ᠋ ᠬᠤᠷᠠᠯ ᠬᠤᠷᠠᠯᠳᠤᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠯᠢᠦ ᠵᠢᠶᠠᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
1.jpg
  ᠬᠤᠷᠠᠯ ᠠᠴᠠ ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠠᠶᠤᠯᠭᠦᠢ ᠦᠢᠯᠡᠳᠪᠦᠷᠢᠯᠡᠯ ᠤᠨ ᠰᠣᠯᠪᠢᠴᠠᠨ ᠪᠠᠶᠢᠴᠠᠭᠠᠬᠤ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠤ᠂ ᠠᠭᠤᠯᠭ᠎ᠠ᠂ ᠠᠷᠭ᠎ᠠ ᠬᠡᠯᠪᠡᠷᠢ᠂ ᠴᠠᠭ ᠵᠡᠷᠭᠡ ᠶᠢ ᠲᠣᠳᠣᠷᠬᠠᠶᠢᠯᠠᠭᠰᠠᠨ ᠪᠥᠭᠡᠳ ᠪᠠᠶᠢᠴᠠᠭᠠᠬᠤ ᠪᠠᠷᠢᠮᠵᠢᠶ᠎ᠠ ᠵᠡᠷᠭᠡ ᠠᠭᠤᠯᠭ᠎ᠠ ᠳᠤ ᠪᠣᠯᠪᠠᠰᠤᠷᠠᠭᠤᠯᠤᠯ ᠬᠦᠷᠲᠡᠭᠡᠪᠡ᠃  ᠬᠤᠷᠠᠯ ᠠᠴᠠ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠦᠨᠳᠦ ᠶᠡᠭᠡ ᠠᠶᠦᠯᠭᠦᠢ ᠶᠢᠨ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ ᠠᠷᠢᠯᠭᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠤᠰ ᠤᠳᠠᠭᠠᠨ ᠤ ᠰᠣᠯᠪᠢᠴᠠᠨ ᠬᠠᠷᠢᠯᠴᠠᠨ ᠪᠠᠶᠢᠴᠠᠭᠠᠬᠤ ᠠᠵᠢᠯ ᠢ ᠰᠡᠳᠬᠢᠯ ᠲᠠᠯᠪᠢᠨ᠂ ᠨᠠᠷᠢᠨ ᠨᠠᠮᠪᠠᠢ᠂ ᠬᠦᠴᠦ ᠣᠷᠣᠭᠤᠯᠤᠨ ᠰᠠᠶᠢᠲᠤᠷ ᠬᠢᠬᠦ ᠬᠡᠷᠡᠭᠲᠡᠢ ᠬᠡᠵᠦ ᠱᠠᠭᠠᠷᠳᠠᠪᠠ᠃
2.jpg
  ᠬᠤᠷᠠᠯ ᠠᠴᠠ᠂ ᠬᠦᠴᠢᠷ ᠢ ᠰᠦᠷᠦᠨ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠢᠶᠠᠨ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠵᠦ᠂ ᠠᠰᠠᠭᠤᠳᠠᠯ ᠢ ᠢᠯᠡᠷᠡᠭᠦᠯᠬᠦ ᠪᠠ ᠵᠢᠭᠠᠨ ᠭᠠᠷᠭᠠᠬᠤ ᠳᠠᠭᠠᠨ ᠴᠢᠳᠠᠮᠠᠭᠠᠢ ᠪᠠᠶᠢᠵᠤ᠂ ᠵᠣᠷᠢᠭᠲᠠᠢ ᠪᠠᠷ ᠬᠠᠲᠠᠭᠤ ᠲᠠᠢ ᠬᠠᠯᠳᠠᠵᠤ᠂ ᠵᠣᠷᠢᠭᠲᠠᠢ ᠪᠠᠷ ᠮᠠᠭᠤ ᠶᠢ ᠨᠢ ᠢᠯᠡᠴᠢᠯᠡᠵᠦ᠂ ᠪᠠᠶᠢᠴᠠᠭᠠᠵᠤ ᠭᠠᠷᠭᠠᠪᠠᠯ ᠲᠠᠷᠤᠢ ᠥᠭᠡᠷᠡᠴᠢᠯᠡᠵᠦ᠂ ᠪᠠᠶᠢᠴᠠᠭᠠᠬᠤ ᠶᠢᠨ ᠳᠠᠭᠠᠤ ᠦᠭᠡᠷᠡᠴᠢᠯᠡᠵᠦ᠂ ᠰᠣᠯᠪᠢᠴᠠᠨ ᠬᠠᠷᠢᠯᠴᠠᠨ ᠪᠠᠶᠢᠴᠠᠭᠠᠬᠤ ᠬᠡᠯᠪᠡᠷᠢ ᠪᠠᠷ ᠶᠠᠪᠤᠭᠳᠠᠭᠤᠯᠬᠤ᠂ ᠶᠣᠰᠣᠨ ᠲᠡᠳᠦᠢ ᠥᠩᠭᠡᠷᠡᠭᠦᠯᠬᠦ᠂ ᠬᠡᠢ ᠬᠤᠭᠤᠰᠤᠨ ᠥᠩᠭᠡᠷᠡᠭᠦᠯᠬᠦ ᠂ ᠬᠠᠭᠤᠷᠮᠠᠭ ᠠᠵᠢᠯ ᠬᠢᠬᠦ᠂ ︽ᠪᠠᠶᠢᠴᠠᠭᠠᠬᠤ ᠠᠴᠠ ᠪᠢᠰᠢ ᠬᠠᠤᠯᠢ ᠬᠡᠷᠡᠭᠵᠢᠭᠦᠯᠬᠦ ᠦᠭᠡᠢ︾ ᠪᠠᠶᠢᠬᠤ ᠶᠢ ᠡᠷᠡᠰ ᠴᠡᠭᠡᠷᠯᠡᠬᠦ᠂ ᠬᠠᠤᠯᠢ ᠬᠡᠷᠡᠭᠵᠢᠭᠦᠯᠬᠦ ᠳᠡᠭᠡᠨ ︽ᠰᠤᠯᠠ ᠲᠠᠯᠪᠢᠭᠤ︾ ᠪᠠᠶᠢᠬᠤ ᠵᠢᠴᠢ ᠠᠶᠤᠯ ᠲᠦᠭᠰᠢᠭᠦᠷᠢ ᠶᠢᠨ ᠭᠡᠮ ᠰᠣᠭᠤᠭ ᠢ ᠬᠠᠶᠢᠬᠤᠷᠬᠤ ᠦᠭᠡᠢ᠂ ᠦᠵᠡᠬᠦ ᠠᠴᠠ ᠪᠢᠰᠢ ᠪᠠᠶᠢᠴᠠᠭᠠᠬᠤ ᠦᠭᠡᠢ᠂ ᠪᠠᠶᠢᠴᠠᠭᠠᠬᠤ ᠠᠴᠠ ᠪᠢᠰᠢ ᠵᠠᠯᠠᠷᠠᠭᠤᠯᠬᠤ ᠦᠭᠡᠢ ᠵᠡᠷᠭᠡ ᠠᠰᠠᠭᠤᠳᠠᠯ ᠢ ᠴᠢᠩᠭ᠎ᠠ ᠴᠡᠭᠡᠷᠯᠡᠬᠦ ᠬᠡᠷᠡᠭᠲᠡᠢ᠃ ᠫᠠᠶᠢᠰᠠ ᠡᠯᠭᠦᠨ ᠱᠠᠯᠠᠪᠳᠠᠭᠤᠯᠤᠨ ᠰᠢᠢᠳᠪᠦᠷᠢᠯᠡᠬᠦ᠂ ᠰᠡᠷᠡᠮᠵᠢᠯᠡᠭᠦᠯᠦᠨ ᠰᠠᠨᠠᠭᠤᠯᠬᠤ᠂ ᠪᠣᠯᠵᠣᠨ ᠶᠠᠷᠢᠯᠴᠠᠵᠤ ᠬᠠᠷᠢᠭᠤᠴᠠᠯᠭ᠎ᠠ ᠨᠡᠬᠡᠮᠵᠢᠯᠡᠬᠦ᠂ ᠰᠦᠯᠵᠢᠶᠡᠨ ᠳᠡᠭᠡᠷ᠎ᠡ ᠢᠯᠡᠴᠢᠯᠡᠬᠦ ᠵᠡᠷᠭᠡ ᠠᠷᠭ᠎ᠠ ᠪᠠᠷᠢᠯ ᠢ ᠭᠦᠢᠴᠡᠳ ᠰᠠᠶᠢᠲᠤᠷ ᠠᠰᠢᠭᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠡᠳᠡᠷᠭᠦ ᠰᠢᠬᠠᠮᠳᠠᠭᠤᠯᠬᠤ ᠬᠡᠷᠡᠭᠲᠡᠢ᠃ ︽ᠡᠷᠬᠢᠨ ᠬᠠᠷᠠᠬᠤ︾ ᠠᠵᠢᠯ ᠢ ᠪᠦᠬᠦ ᠲᠠᠯ᠎ᠠ ᠪᠠᠷ ᠬᠢᠵᠦ᠂ ᠠᠰᠠᠭᠤᠳᠠᠯ ᠢ ᠠᠩᠬᠠᠷᠴᠤ᠂ ᠠᠰᠠᠭᠤᠳᠠᠯ ᠢ ᠰᠢᠢᠳᠪᠦᠷᠢᠯᠡᠵᠦ᠂ ᠲᠤᠭᠤᠰᠢᠲᠠᠢ ᠴᠡᠭᠴᠡᠯᠡᠨ ᠰᠠᠶᠢᠵᠢᠷᠠᠭᠤᠯᠵᠤ ᠳᠡᠶᠢᠯᠬᠦ ᠦᠭᠡᠢ ᠪᠤᠯ ᠶᠠᠭᠠᠬᠢᠭᠰᠠᠨ ᠴᠤ ᠲᠠᠯᠪᠢᠬᠤ ᠦᠭᠡᠢ᠂ ᠡᠴᠦᠰ ᠲᠤᠨᠢ ᠲᠤᠯᠲᠠᠯ᠎ᠠ ᠠᠩᠬᠠᠷᠴᠤ᠂ ᠲᠦᠢᠯᠪᠤᠷᠢᠲᠠᠢ ᠳ᠋ᠤᠭᠠᠷ ᠬᠠᠰᠤᠬᠤ ᠬᠡᠷᠡᠭᠲᠡᠢ ᠭᠡᠵᠦ ᠴᠢᠬᠤᠯᠠᠴᠢᠯᠠᠪᠠ᠃  ᠬᠤᠷᠠᠯ ᠠᠴᠠ᠂ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠬᠤᠯᠪᠣᠭᠳᠠᠯ ᠪᠦᠬᠦᠢ ᠲᠣᠭᠲᠠᠭᠠᠯ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠬᠥᠮᠦᠨ ᠴᠥᠬᠡᠨ ᠬᠥᠰᠭᠡ ᠬᠦᠩᠭᠡᠨ᠂ ᠬᠦᠯᠢᠶᠡᠨ ᠵᠣᠴᠢᠯᠠᠬᠤ ᠶᠢ ᠳᠥᠭᠦᠮᠴᠢᠯᠡᠬᠦ ᠬᠡᠷᠡᠭᠲᠡᠢ᠃ ᠡᠷᠬᠡ ᠮᠡᠳᠡᠯ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠦᠨᠡᠨ ᠢ ᠪᠠᠷᠢᠮᠲᠠᠯᠠᠵᠤ᠂ ᠪᠤᠰᠤᠳᠴᠢ ᠪᠥᠭᠡᠳ ᠲᠥᠪ ᠭᠤᠤᠯᠴᠢ ᠪᠠᠷ ᠠᠵᠢᠯ ᠢᠶᠠᠨ ᠥᠷᠨᠢᠭᠦᠯᠵᠦ᠂ ᠪᠠᠶᠢᠴᠠᠭᠠᠭᠳᠠᠬᠤ ᠠᠶᠢᠮᠠᠭ ᠬᠤᠲᠠ ᠶᠢᠨ ᠠᠵᠢᠯ ᠤᠨ ᠦᠷ᠎ᠡ ᠪᠦᠲᠦᠮᠵᠢ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠪᠣᠳᠠᠲᠠᠶ ᠪᠠᠷ ᠲᠤᠰᠬᠠᠬᠤ ᠬᠡᠷᠡᠭᠲᠡᠶ ᠭᠡᠵᠦ ᠲᠤᠳᠤᠷᠬᠠᠶᠢᠯᠠᠪᠠ᠃  ᠬᠤᠷᠠᠯ ᠠᠴᠠ ᠪᠠᠰᠠ ︽5.1︾ ᠤ ᠪᠠᠶᠠᠷ ᠠᠴᠠ ᠡᠮᠦᠨᠡᠬᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠪᠠ᠃ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠢᠳᠡᠭᠡᠨ ᠤᠮᠳᠠᠭᠠᠨ ᠤ ᠡᠵᠡᠩᠨᠡᠯᠲᠡ ᠶᠢᠨ ᠲᠠᠯᠠᠪᠤᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠠᠭᠤᠴᠢᠨ ᠵᠢᠵᠢᠭ ᠲᠣᠭᠤᠷᠢᠭ ᠵᠡᠷᠭᠡ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠭᠠᠵᠠᠷ ᠪᠠ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠰᠢᠲᠠᠮᠠᠬᠠᠶ ᠬᠡᠶ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠲᠣᠪᠤᠶᠢᠮ᠎ᠠ ᠰᠠᠶᠢᠲᠤᠷ ᠠᠳᠬᠤᠬᠤ ᠬᠡᠷᠡᠭᠲᠡᠶ᠃ ᠬᠤᠲᠠ ᠶᠢᠨ ᠵᠠᠮ ᠬᠥᠭᠦᠷᠭᠡ᠂ ᠬᠥᠮᠥᠨ ᠬᠠᠷ᠎ᠠ ᠬᠤᠷᠠᠨ ᠴᠤᠭᠯᠠᠷᠠᠳᠠᠭ ᠲᠠᠯᠠᠪᠤᠷ᠂ ᠬᠤᠲᠠ ᠶᠢᠨ ᠶᠠᠪᠤᠳᠠᠯ ᠤᠨ ᠪᠡᠯᠡᠳᠬᠡᠮᠵᠢ᠂ ᠬᠤᠲᠠ ᠶᠢᠨ ᠴᠡᠴᠡᠷᠯᠢᠭ ᠤᠨ ᠨᠣᠭᠤᠭᠠᠨ ᠭᠠᠵᠠᠷ᠂ ᠠᠮᠢᠲᠠᠨ ᠤ ᠬᠦᠷᠢᠶᠡᠯᠡᠩ ᠵᠡᠷᠭᠡ ᠤᠷᠴᠢᠨ ᠲᠣᠭᠤᠷᠢᠨ ᠳᠤ ᠭᠤᠣᠯᠳᠠᠯᠭ᠎ᠠ ᠲᠠᠢ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠳᠠᠯᠳᠠ ᠭᠡᠮ ᠢ ᠦᠨᠡᠨᠬᠦ ᠠᠷᠢᠯᠭᠠᠬᠤ ᠬᠡᠷᠡᠭᠲᠡᠢ᠃ ᠠᠮᠠᠷᠠᠯᠲᠠ ᠶᠢᠨ ᠬᠤᠭᠤᠴᠠᠭᠠᠨ ᠤ ᠬᠥᠮᠦᠨ ᠬᠠᠷ᠎ᠠ ᠲᠥᠪᠯᠡᠷᠡᠭᠰᠡᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠢᠭᠡᠨᠲᠡ ᠪᠠᠶᠢᠭ᠎ᠠ ᠡᠵᠡᠩᠨᠡᠯᠲᠡ ᠶᠢᠨ ᠴᠢᠨᠠᠷᠲᠠᠶ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠰᠢᠨ᠎ᠡ ᠪᠠᠷ ᠨᠡᠮᠡᠭᠳᠡᠭᠰᠡᠨ ᠡᠵᠡᠩᠨᠡᠯᠲᠡ ᠶᠢᠨ ᠴᠢᠨᠠᠷᠲᠠᠶ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠬᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠬᠦᠯᠬᠦ ᠶᠢ ᠠᠬᠢᠭᠤᠯᠬᠤ ᠬᠡᠷᠡᠭᠲᠡᠶ᠃ ᠰᠠᠭᠤᠷᠢ ᠨᠦᠬᠡ᠂ ᠥᠨᠳᠥᠷ ᠬᠡᠪ ᠵᠠᠭᠪᠤᠷ᠂ ᠴᠠᠬᠤᠯᠠᠭᠤᠷ ᠵᠢᠴᠢ ᠬᠦᠨᠳᠦ ᠮᠧᠬᠠᠨᠢᠭ ᠵᠡᠷᠭᠡ ᠠᠶᠤᠯᠲᠠᠢ ᠶᠡᠭᠡ ᠢᠨᠵᠧᠨᠧᠷᠢᠩ ᠤᠨ ᠬᠠᠮᠢᠶᠠᠷᠤᠯᠲᠠ ᠡᠵᠡᠮᠳᠡᠯ ᠢ ᠴᠢᠩᠭ᠎ᠠ ᠠᠳᠬᠤᠵᠤ᠂ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠪᠠᠶᠠᠷ ᠤᠨ ᠡᠳᠦᠷ ᠠᠴᠠ ᠡᠮᠦᠨ᠎ᠡ ᠥᠨᠳᠥᠷ ᠳᠠᠪᠬᠤᠷᠭᠠᠲᠤ ᠪᠠᠷᠢᠯᠭ᠎ᠠ ᠶᠢᠨ ᠭᠠᠳᠠᠷ ᠬᠡᠷᠡᠮ᠂ ᠪᠡᠯᠡᠳᠬᠡᠮᠵᠢ ᠲᠥᠬᠦᠭᠡᠷᠦᠮᠵᠢ᠂ ᠵᠠᠷ ᠮᠡᠳᠡᠭᠡ ᠶᠢᠨ ᠫᠠᠶᠢᠰᠠ ᠵᠢᠴᠢ ᠨᠠᠷᠠᠪᠴᠢ ᠵᠡᠷᠭᠡ ᠲᠠᠯ᠎ᠠ ᠶᠢᠨ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠬᠦ ᠶᠢ ᠰᠢᠮᠳᠠᠭᠤᠯᠵᠤ᠂ ᠭᠠᠯ ᠤᠨ ᠠᠶᠤᠯ ᠤᠨ ᠠᠳᠠᠯ ᠭᠠᠷᠬᠤ ᠶᠢ ᠡᠷᠡᠰ ᠵᠣᠭᠰᠣᠭᠠᠬᠤ ᠬᠡᠷᠡᠭᠲᠡᠶ᠃ ᠤᠳᠤᠷᠢᠳᠬᠤ ᠺᠠᠳ᠋ᠷ ᠠᠵᠢᠯ ᠤᠨ ᠪᠠᠶᠢᠷᠢ ᠳᠠᠭᠠᠨ ᠡᠭᠡᠯᠵᠢ ᠳᠠᠭᠠᠭᠤᠯᠬᠤ᠂ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠮᠤᠭ ᠤᠨ ᠰᠢᠨ᠎ᠡ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠭᠡᠨᠡᠳᠲᠡ ᠶᠢᠨ ᠬᠡᠷᠡᠭ ᠲᠣᠬᠢᠶᠠᠯᠳᠤᠪᠠᠯ ᠡᠷᠬᠡᠪᠰᠢ ᠲᠡᠷᠡ ᠳᠠᠷᠤᠢ ᠳᠤᠨᠢ ᠢᠯᠡᠷᠡᠭᠦᠯᠵᠦ᠂ ᠲᠡᠷᠡ ᠳᠠᠷᠤᠢ ᠳᠤᠨᠢ ᠮᠡᠳᠡᠭᠦᠯᠵᠦ᠂ ᠲᠡᠷᠡ ᠳᠠᠷᠤᠢ ᠳᠤᠨᠢ ᠰᠢᠢᠳᠪᠦᠷᠢᠯᠡᠬᠦ ᠬᠡᠷᠡᠭᠲᠡᠢ ᠭᠡᠵᠡᠢ᠃  ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠶᠡᠷᠦᠩᠬᠡᠶ ᠢᠨᠵᠧᠨᠧᠷ ᠯᠢᠦ ᠸᠧᠨ ᠢᠦᠶ ᠵᠢᠴᠢ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠂ ᠬᠤᠲᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ᠂ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ ᠣᠷᠣᠯᠴᠠᠵᠤ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠵᠠᠶ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ