ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠤᠷᠤᠭᠤᠯᠤᠯᠳᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠶᠯ ᠤᠨ ᠣᠷᠣᠯᠠᠨ ᠪᠠᠶᠢᠭᠤᠯᠬᠤ ᠲᠥᠪ ᠠᠴᠠ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠲᠥᠷᠥᠯ ᠵᠦᠶᠯ ᠢ ᠰᠢᠯᠵᠢᠭᠦᠯᠦᠨ ᠲᠤᠰᠢᠶᠠᠬᠤ ᠶᠢ ᠠᠬᠢᠭᠤᠯᠬᠤ ᠵᠢᠴᠢ ᠲᠠᠷᠠᠭᠠᠴᠢ ᠶᠢᠨ ᠰᠢᠶᠳᠪᠦᠷᠢᠯᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/23
   4 ᠳ᠋ᠦ᠋ᠭᠡᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠤᠷᠤᠭᠤᠯᠤᠯᠳᠠ ᠶᠢᠨ ᠡᠵᠡᠩᠨᠡᠯᠲᠡ  ᠶᠢᠨ ᠪᠤᠰᠤ ᠴᠢᠨᠠᠷᠲᠠᠶ ᠲᠥᠷᠥᠯ ᠵᠦᠶᠯ ᠤᠨ ᠣᠷᠣᠯᠠᠨ ᠪᠠᠶᠢᠭᠤᠯᠬᠤ ᠲᠥᠪ ᠤᠨ ᠡᠷᠬᠢᠯᠡᠭᠴᠢ ᠸᠠᠩ ᠸᠧᠨ ᡁᠢ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ ᠪᠠᠶᠢᠴᠠᠭᠠᠨ ᠰᠤᠳᠤᠯᠤᠯᠲᠠ ᠥᠷᠨᠢᠭᠦᠯᠵᠦ᠂ ᠲᠥᠷᠥᠯ ᠵᠦᠶᠯ ᠢ ᠰᠢᠯᠵᠢᠭᠦᠯᠦᠨ ᠲᠤᠰᠢᠶᠠᠬᠤ ᠵᠢᠴᠢ ᠲᠠᠷᠠᠭᠠᠴᠢ ᠶᠢᠨ ᠰᠢᠶᠳᠪᠦᠷᠢᠯᠡᠬᠦ ᠠᠵᠢᠯ ᠢ ᠲᠤᠬᠠᠶ ᠶᠢᠨ ᠭᠠᠵᠠᠷ ᠲᠤᠨᠢ ᠰᠤᠳᠤᠯᠪᠠ᠃
1.jpg
   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠥᠷᠥᠯ ᠵᠦᠶᠯ ᠤᠨ ᠪᠦᠬᠦᠯᠢ ᠴᠣᠭᠴᠠ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠠᠢ ᠰᠠᠭᠤᠷᠢ ᠲᠥᠬᠦᠭᠡᠷᠦᠮᠵᠢ ᠶᠢᠨ ᠢᠵᠢ ᠪᠦᠷᠢᠯᠳᠦᠬᠦᠨ᠂ ᠲᠥᠷᠥᠯ ᠵᠦᠶᠯ ᠤᠨ ᠬᠤᠶᠢᠨᠠᠬᠢ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠭᠤᠤᠯ ᠴᠣᠭᠴᠠ ᠵᠡᠷᠭᠡ ᠲᠠᠯ᠎ᠠ ᠪᠠᠷ ᠭᠦᠨᠵᠡᠭᠡᠶ ᠰᠠᠨᠠᠯ ᠰᠣᠯᠢᠯᠴᠠᠪᠠ᠃   ᠸᠠᠩ ᠸᠧᠨ ᡁᠢ᠂ 2022 ᠣᠨ ᠤ ᠥᠪᠡᠷᠲᠡᠭᠡᠨ ᠵᠠᠰᠠᠬᠤ ᠣᠷᠣᠨ ᠤ ︽ᠲᠠᠪᠤᠨ ᠶᠢ ᠲᠤᠶᠢᠯᠪᠤᠷᠢᠲᠠᠢ ᠵᠠᠰᠠᠬᠤ︾ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠤᠨ ᠱᠠᠭᠠᠷᠳᠠᠯᠭ᠎ᠠ ᠶᠢ ᠦᠨᠳᠦᠰᠦᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠦᠷᠦᠯ ᠵᠦᠢᠯ ᠢ ᠰᠢᠯᠵᠢᠭᠦᠯᠦᠨ ᠲᠤᠰᠢᠶᠠᠬᠤ ᠠᠵᠢᠯ ᠢ ᠦᠷᠭᠦᠯᠵᠢᠯᠡᠨ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ ᠰᠠᠶᠢᠲᠤᠷ ᠬᠢᠵᠦ᠂ ᠲᠣᠰ ᠲᠥᠷᠥᠯ ᠵᠦᠶᠯ ᠢ ᠰᠢᠶᠳᠪᠦᠷᠢᠯᠡᠬᠦ ᠠᠷᠭ᠎ᠠ ᠬᠡᠮᠵᠢᠶ᠎ᠡ ᠶᠢ ᠲᠦᠷᠭᠡᠨ ᠲᠥᠯᠥᠪᠵᠢᠭᠦᠯᠵᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠲᠥᠰᠦᠯ ᠢ ᠳᠤᠷᠠᠳᠬᠤ ᠬᠡᠷᠡᠭᠲᠡᠶ ᠭᠡᠵᠦ ᠴᠢᠬᠤᠯᠠᠴᠢᠯᠠᠵᠠᠢ᠃   ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠪᠢᠴᠢᠭᠡᠴᠢ ᠪᠠᠯᠭᠠᠰᠤᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ᠂ ᠲᠥᠷᠥᠯ ᠵᠦᠶᠯ ᠤᠨ ᠪᠠᠷᠢᠯᠭ᠎ᠠ ᠶᠢᠨ ᠨᠢᠭᠡᠴᠢ᠂ ᠬᠤᠯᠪᠣᠭᠳᠠᠯ ᠪᠥᠬᠦᠶ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃ᠢᠷᠡᠯᠲᠡ᠄ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠤᠷᠤᠭᠤᠯᠤᠯᠳᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠶᠯ ᠤᠨ ᠣᠷᠣᠯᠠᠨ ᠪᠠᠶᠢᠭᠤᠯᠬᠤ ᠲᠥᠪ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠤᠷᠤᠭᠤᠯᠤᠯᠳᠠ ᠶᠢᠨ ᠡᠵᠡᠩᠨᠡᠯᠲᠡ ᠶᠢᠨ ᠪᠤᠰᠤ ᠴᠢᠨᠠᠷᠲᠠᠶ