ᠬᠥᠬᠡᠬᠤᠲᠠ ᠶᠢᠨ 2023 ᠣᠨ ᠤ ᠠᠩᠬᠠᠳᠤᠭᠠᠷ ᠤᠳᠠᠭᠠᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠰᠢᠪᠠᠭ᠎ᠠ ᠲᠠᠳᠠᠵᠦ ᠲᠦᠷᠢᠶᠡᠰᠦᠯᠡᠭᠦᠯᠬᠦ ᠠᠵᠢᠯᠯᠠᠭ᠎ᠠ ᠲᠡᠭᠦᠰ ᠠᠮᠵᠢᠯᠲᠠ ᠲᠠᠢ ᠪᠡᠶᠡᠯᠡᠭᠳᠡᠪᠡ
ᠨᠡᠶᠢᠲᠡᠯᠡᠭᠰᠡᠨ ᠴᠠᠭ᠄
2023/4/24
  ᠬᠤᠲᠠ ᠪᠠᠯᠭᠠᠰᠤᠨ ᠤ ᠳᠤᠮᠳᠠ ᠳᠣᠤᠷ᠎ᠠ ᠣᠷᠣᠯᠭ᠎ᠠ ᠲᠠᠢ ᠬᠥᠮᠦᠰ ᠤᠨ ᠣᠷᠣᠨ ᠰᠠᠭᠤᠴᠠ ᠶᠢᠨ ᠬᠦᠴᠢᠷᠳᠡᠯ ᠢ ᠦᠨᠡᠨ ᠬᠦ ᠰᠢᠶᠳᠪᠦᠷᠢᠯᠡᠬᠦ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 22 ᠤᠨ ᠡᠳᠦᠷ᠂ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 2023 ᠣᠨ ᠤ ᠠᠩᠬᠠᠳᠤᠭᠠᠷ ᠤᠳᠠᠭᠠᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠢᠯᠡ ᠪᠠᠷ ᠰᠢᠪᠠᠭ᠎ᠠ ᠲᠠᠳᠠᠵᠦ ᠲᠦᠷᠢᠶᠡᠰᠦᠯᠡᠭᠦᠯᠬᠦ ᠠᠵᠢᠯᠯᠠᠭ᠎ᠠ ᠶᠠᠪᠤᠭᠤᠯᠪᠠ᠃  ᠲᠣᠰ ᠤᠳᠠᠭ᠎ᠠ ᠶᠢᠨ ᠢᠯᠡ ᠪᠠᠷ ᠰᠢᠪᠠᠭ᠎ᠠ ᠲᠠᠲᠠᠬᠤ  ᠨᠢ ᠢᠯᠡ ᠲᠣᠳᠣ᠂ ᠡᠷᠬᠡ ᠲᠭᠡᠰᠢ᠂ ᠲᠦᠪ ᠭᠤᠤᠯᠴᠢ ᠪᠠᠶᠢᠯᠭᠠᠬᠤ ᠵᠠᠷᠴᠢᠮ ᠢ ᠵᠢᠷᠤᠮᠯᠠᠵᠤ᠂ ᠪᠥᠬᠦ ᠬᠤᠲᠠ ᠶᠢᠨ ᠳᠤᠮᠳᠠ ᠳᠣᠤᠷ᠎ᠠ ᠣᠷᠣᠯᠭ᠎ᠠ ᠲᠠᠢ ᠬᠥᠮᠦᠰ ᠲᠤ ᠬᠠᠨᠳᠤᠭᠤᠯᠤᠨ ᠶᠠᠪᠤᠭᠳᠠᠭᠤᠯᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠭᠡᠷᠡᠴᠢᠯᠡᠭᠡ ᠶᠢᠨ ᠭᠠᠵᠠᠷ ᠪᠥᠬᠦ ᠶᠠᠪᠤᠴᠠ ᠪᠠᠷ ᠬᠢᠨᠠᠯᠲᠠ ᠲᠠᠯᠪᠢᠬᠤ ᠳᠤ ᠣᠷᠣᠯᠴᠠᠬᠤ ᠶᠢᠨ ᠬᠠᠮᠲᠤ ᠲᠤᠬᠠᠢ ᠶᠢᠨ ᠭᠠᠵᠠᠷ ᠲᠤᠨᠢ ᠠᠯᠪᠠᠨ ᠭᠡᠷᠡᠴᠢᠯᠡᠭᠡ ᠬᠢᠪᠡ᠃  ᠲᠣᠰ ᠤᠳᠠᠭᠠᠨ ᠤ ᠲᠦᠷᠢᠶᠡᠰᠦᠯᠡᠭᠦᠯᠬᠦ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠨᠢ ᠬᠤᠲᠠ ᠶᠢᠨ ᠳᠥᠷᠪᠡᠨ ᠲᠣᠭᠤᠷᠢᠭ ᠲᠤ ᠲᠠᠷᠬᠠᠵᠤ᠂ ᠨᠡᠶᠢᠲᠡ 35 ᠲᠥᠷᠥᠯ ᠵᠦᠶᠯ ᠳᠤ 2483 ᠢᠵᠢ ᠭᠡᠷ ᠪᠠᠶᠢᠰᠢᠩ ᠬᠠᠩᠭᠠᠵᠤ᠂ ᠡᠭᠦᠨ ᠳᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠳᠤ 49 ᠢᠵᠢ ᠭᠡᠷ ᠲᠣᠬᠢᠷᠠᠭᠤᠯᠵᠤ᠂ ᠭᠤᠣᠯᠳᠠᠯᠭ᠎ᠠ ᠲᠠᠢ ᠬᠠᠮᠲᠤᠯᠢᠭ ᠲᠤ 379 ᠢᠵᠢ ᠲᠦᠷᠢᠶᠡᠰᠦᠯᠡᠭᠦᠯᠪᠡ︔ ᠦᠯᠡᠳᠡᠭᠰᠡᠨ 2055 ᠢᠵᠢ ᠭᠡᠷ ᠪᠠᠶᠢᠰᠢᠩ ᠢ ᠢᠯᠡ ᠪᠠᠷ ᠰᠢᠪᠠᠭ᠎ᠠ ᠲᠠᠳᠠᠵᠦ ᠲᠦᠷᠢᠶᠡᠰᠦᠯᠡᠭᠦᠯᠬᠦ ᠳᠤ ᠬᠡᠷᠡᠭᠯᠡᠪᠡ᠃  ᠬᠤᠳᠠ ᠶᠢᠨ ᠲᠦᠷᠪᠡᠨ ᠲᠣᠭᠤᠷᠢᠭ ᠤᠨ ᠰᠢᠪᠠᠭ᠎ᠠ ᠲᠠᠳᠠᠵᠦ ᠲᠦᠷᠢᠶᠡᠰᠦᠯᠡᠭᠦᠯᠬᠦ ᠭᠡᠷ ᠪᠠᠶᠢᠰᠢᠩ ᠤᠨ ᠪᠠᠶᠢᠳᠠᠯ ᠳᠣᠣᠷᠠᠬᠢ ᠮᠡᠲᠦ᠄  ᠰᠢᠨ᠎ᠡ ᠬᠤᠲᠠ ᠲᠣᠭᠤᠷᠢᠭ ︵8 ᠲᠥᠷᠥᠯ ᠵᠦᠶᠯ 573 ᠢᠵᠢ︶ ᠂ ᠡᠭᠦᠨ ᠳᠤ ︽ᠰᠠᠢ ᠸᠠᠢ · ᠠᠨ ᠵᠢᠦᠢ ᠰᠢᠨ᠎ᠡ ᠬᠤᠳᠠ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 275 ᠢᠵᠢ᠂ ᠢᠵᠢ ᠪᠦᠷᠢ ᠬᠡᠷ ᠤᠨ ᠲᠠᠯᠠᠪᠠᠶ 35-50 ᠲᠡᠭᠰᠢ ᠳᠥᠷᠪᠡᠯᠵᠢᠨ ᠮᠧᠲᠷ︔ ︽ᠾᠦᠢ ᠰᠢᠨ ᠶᠤᠸᠠᠨ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 84 ᠢᠵᠢ᠂ ᠢᠵᠢ ᠪᠦᠷᠢ ᠬᠡᠷ ᠤᠨ ᠲᠠᠯᠠᠪᠠᠶ 35-50 ᠲᠡᠭᠰᠢ ᠳᠥᠷᠪᠡᠯᠵᠢᠨ ᠮᠧᠲᠷ︔ ︽ᠲᠠ ᠯᠢ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 39 ᠢᠵᠢ᠂ ᠢᠵᠢ ᠪᠦᠷᠢ ᠬᠡᠷ ᠤᠨ ᠲᠠᠯᠠᠪᠠᠶ 35-50 ᠲᠡᠭᠰᠢ ᠳᠥᠷᠪᠡᠯᠵᠢᠨ ᠮᠧᠲᠷ︔ ︽ᠬᠤᠩ ᠱᠧᠩ ᠠᠵᠤ ᠦᠶᠯᠡᠳᠪᠦᠷᠢ ᠶᠢᠨ ᠬᠦᠷᠢᠶᠡᠯᠡᠩ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 45 ᠢᠵᠢ᠂ ᠢᠵᠢ ᠪᠦᠷᠢ ᠬᠡᠷ ᠤᠨ ᠲᠠᠯᠠᠪᠠᠶ 68-74 ᠲᠡᠭᠰᠢ ᠳᠥᠷᠪᠡᠯᠵᠢᠨ ᠮᠧᠲᠷ︔ ︽ᠮᠢᠩ ᠰᠢᠶᠠᠩ ᠶᠤᠸᠠᠨ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 41 ᠢᠵᠢ᠂ ᠢᠵᠢ ᠪᠦᠷᠢ ᠬᠡᠷ ᠤᠨ ᠲᠠᠯᠠᠪᠠᠶ ᠨᠢ ᠪᠦᠷ 33 - 50 ᠲᠡᠭᠰᠢ ᠳᠥᠷᠪᠡᠯᠵᠢᠨ ᠮᠧᠲᠷ︔ ︽ᠱᠧᠩ ᠱᠢ ᠮᠢᠩ ᠵᠦ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 12 ᠢᠵᠢ᠂ ᠢᠵᠢ ᠪᠦᠷᠢ ᠬᠡᠷ ᠤᠨ ᠲᠠᠯᠠᠪᠠᠶ ᠨᠢ ᠪᠦᠷ 35-49 ᠲᠡᠭᠰᠢ ᠳᠥᠷᠪᠡᠯᠵᠢᠨ︔ ︽ ᠶᠢᠨ ᠳ᠋ᠢ ᠮᠢᠩ ᠹᠧᠩ ᠨᠢᠭᠡᠳᠦᠭᠡᠷ ᠬᠤᠭᠤᠴᠠᠭ᠎ᠠ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 63 ᠢᠵᠢ᠂ ᠢᠵᠢ ᠪᠦᠷᠢ ᠬᠡᠷ ᠤᠨ ᠲᠠᠯᠠᠪᠠᠶ ᠨᠢ ᠪᠦᠷ 50 ᠲᠡᠭᠰᠢ ᠳᠥᠷᠪᠡᠯᠵᠢᠨ ᠮᠧᠲᠷ︔ ︽ ᠶᠢᠨ ᠶᠤᠸᠠᠢ ᠲᠥᠪ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 14 ᠢᠵᠢ᠂ ᠢᠵᠢ ᠪᠦᠷᠢ ᠬᠡᠷ ᠤᠨ ᠲᠠᠯᠠᠪᠠᠶ ᠨᠢ ᠪᠦᠷ 40 ᠲᠡᠭᠰᠢ ᠳᠥᠷᠪᠡᠯᠵᠢᠨ ᠮᠧᠲᠷ ᠪᠣᠯᠤᠨ᠎ᠠ᠃  ᠬᠤᠲᠣᠩ ᠠᠷᠠᠳ ᠤᠨ ᠲᠣᠭᠤᠷᠢᠭ ︵4 ᠲᠥᠷᠥᠯ ᠵᠦᠶᠯ 451 ᠢᠵᠢ︶ ᠂ ᠡᠭᠦᠨ ᠳᠤ ︽ᠰᠠᠢ ᠸᠠᠢ · ᠠᠨ ᠺᠠᠩ ᠰᠢᠨ ᠵᠢᠦᠢ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 282 ᠢᠵᠢ᠂ ᠢᠵᠢ ᠪᠦᠷᠢ ᠬᠡᠷ ᠤᠨ ᠲᠠᠯᠠᠪᠠᠶ 35-70 ᠲᠡᠭᠰᠢ ᠳᠥᠷᠪᠡᠯᠵᠢᠨ ᠮᠧᠲᠷ︔ ︽ᠾᠧᠩ ᠳ᠋ᠠ ᠶᠠ ᠶᠤᠸᠠᠨ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 38 ᠢᠵᠢ᠂ ᠢᠵᠢ ᠪᠦᠷᠢ ᠬᠡᠷ ᠤᠨ ᠲᠠᠯᠠᠪᠠᠶ 35-50 ᠲᠡᠭᠰᠢ ᠳᠥᠷᠪᠡᠯᠵᠢᠨ ᠮᠧᠲᠷ︔ ︽ ᠶᠢᠨ ᠴᠧᠩ · ᠪᠠᠶ ᠾᠧ ᠬᠤᠳᠠᠯᠳᠤᠭᠠᠨ ᠤ ᠰᠠᠭᠤᠭᠠᠯᠢ ᠲᠣᠭᠤᠷᠢᠭ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ  ᠶᠢᠨ ᠲᠥᠷᠥᠯ ᠵᠦᠶᠯ ᠳᠤ 21 ᠢᠵᠢ᠂ ᠢᠵᠢ ᠪᠦᠷᠢ ᠬᠡᠷ ᠤᠨ ᠲᠠᠯᠠᠪᠠᠶ 35-50 ᠲᠡᠭᠰᠢ ᠳᠥᠷᠪᠡᠯᠵᠢᠨ ᠮᠧᠲᠷ︔ ︽ᠵᠦᠩ ᠲᠢᠶᠧ · ᠨᠥᠸᠧ ᠳ᠋ᠧ ᠯᠥᠩ ᠸᠠᠨ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 110 ᠢᠵᠢ᠂ ᠢᠵᠢ ᠪᠦᠷᠢ ᠬᠡᠷ ᠤᠨ ᠬᠡᠯᠪᠡᠷᠢ ᠶᠢᠨ ᠲᠠᠯᠠᠪᠠᠶ 47-55 ᠲᠡᠭᠰᠢ ᠳᠥᠷᠪᠡᠯᠵᠢᠨ ᠮᠧᠲᠷ ᠪᠣᠯᠤᠨ᠎ᠠ︔  ᠢᠤᠢ ᠴ‍‌ᠵᠤᠸᠠᠡ ᠲᠣᠭᠤᠷᠢᠭ ︵5 ᠳᠦᠷᠦᠯ ᠵᠦᠶᠯ 724 ᠢᠵᠢ︶᠂ ᠡᠭᠦᠨ ᠳᠤ ︽ᠰᠢᠶᠠᠩ ᠾᠧ ᠶᠤᠸᠠᠨ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 424 ᠢᠵᠢ᠂ ᠢᠵᠢ ᠪᠦᠷᠢ ᠬᠡᠷ ᠤᠨ ᠲᠠᠯᠠᠪᠠᠶ 35-50 ᠲᠡᠭᠰᠢ ᠳᠥᠷᠪᠡᠯᠵᠢᠨ ᠮᠧᠲᠷ︔ ︽ᠺᠠᠩ ᠵᠢᠦᠢ ᠵᠢᠶᠠ ᠶᠤᠸᠠᠨ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 134 ᠢᠵᠢ᠂ ᠢᠵᠢ ᠪᠦᠷᠢ ᠬᠡᠷ ᠤᠨ ᠲᠠᠯᠠᠪᠠᠶ 35-50 ᠲᠡᠭᠰᠢ ᠳᠥᠷᠪᠡᠯᠵᠢᠨ ᠮᠧᠲᠷ︔ ︽ᠷᠦᠩ ᠱᠧᠩ · ᠨᠠᠨ ᠬᠤ᠋ ᠯᠢ ᠱᠧ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 55 ᠢᠵᠢ᠂ ᠢᠵᠢ ᠪᠦᠷᠢ ᠬᠡᠷ ᠤᠨ ᠲᠠᠯᠠᠪᠠᠶ 45-50 ᠲᠡᠭᠰᠢ ᠳᠥᠷᠪᠡᠯᠵᠢᠨ ᠮᠧᠲᠷ︔ ︽ᠸᠠᠨ ᠶᠢᠨ · ᠰᠢᠶᠠᠩ ᠶᠦᠨ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 23 ᠢᠵᠢ᠂ ᠢᠵᠢ ᠪᠦᠷᠢ ᠬᠡᠷ ᠤᠨ ᠲᠠᠯᠠᠪᠠᠶ 37-50 ᠲᠡᠭᠰᠢ ᠳᠥᠷᠪᠡᠯᠵᠢᠨ ᠮᠧᠲᠷ︔ ︽ᠯᠢ ᠴᠧᠩ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 88 ᠢᠵᠢ᠂ ᠢᠵᠢ ᠪᠦᠷᠢ ᠬᠡᠷ ᠤᠨ ᠬᠡᠯᠪᠡᠷᠢ ᠶᠢᠨ ᠲᠠᠯᠠᠪᠠᠶ 43-67 ᠲᠡᠭᠰᠢ ᠳᠥᠷᠪᠡᠯᠵᠢᠨ ᠮᠧᠲᠷ ᠪᠣᠯᠤᠨ᠎ᠠ︔  ᠰᠠᠶᠢᠬᠠᠨ ᠲᠣᠭᠤᠷᠢᠭ ︵8 ᠲᠥᠷᠥᠯ ᠵᠦᠶᠯ 307 ᠢᠵᠢ︶ ᠂ ᠡᠭᠦᠨ ᠳᠤ ︽ᠶᠠᠩ ᠭᠤᠸᠠᠩ ᠮᠧᠢ ᠵᠢᠦᠢ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 108 ᠢᠵᠢ᠂ ᠢᠵᠢ ᠪᠦᠷᠢ ᠬᠡᠷ ᠤᠨ ᠲᠠᠯᠠᠪᠠᠶ 35-53 ᠲᠡᠭᠰᠢ ᠳᠥᠷᠪᠡᠯᠵᠢᠨ ᠮᠧᠲᠷ︔ ︽ᠵᠦᠩ ᠬᠠᠢ · ᠸᠠᠢ ᠲᠠᠨ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 6 ᠢᠵᠢ᠂ ᠢᠵᠢ ᠪᠦᠷᠢ ᠬᠡᠷ ᠤᠨ ᠲᠠᠯᠠᠪᠠᠶ 42-46 ᠲᠡᠭᠰᠢ ᠳᠥᠷᠪᠡᠯᠵᠢᠨ ᠮᠧᠲᠷ︔ ︽ᠸᠠᠨ ᠬᠤᠣ · ᠮᠧᠢ ᠱᠦ ᠴᠧᠩ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 23 ᠢᠵᠢ᠂ ᠢᠵᠢ ᠪᠦᠷᠢ ᠬᠡᠷ  ᠤᠨ ᠲᠠᠯᠠᠪᠠᠶ 41-61 ᠲᠡᠭᠰᠢ ᠳᠥᠷᠪᠡᠯᠵᠢᠨ ᠮᠧᠲᠷ︔ ︽ᠳ᠋ᠦᠩ ᠹᠠᠩ ᠺᠧ ᠶᠤᠸᠠᠨ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 15 ᠢᠵᠢ᠂ ᠢᠵᠢ ᠪᠦᠷᠢ ᠬᠡᠷ ᠤᠨ ᠲᠠᠯᠠᠪᠠᠶ 37-46 ᠲᠡᠭᠰᠢ ᠳᠥᠷᠪᠡᠯᠵᠢᠨ ᠮᠧᠲᠷ︔ ︽ᠰᠢᠨ ᠬᠤᠸᠠ ᠯᠢᠶᠠᠨ ᠶᠠ ᠶᠤᠸᠠᠨ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 21 ᠢᠵᠢ᠂ ᠢᠵᠢ ᠪᠦᠷᠢ ᠬᠡᠷ ᠤᠨ ᠲᠠᠯᠠᠪᠠᠶ 40-45ᠲᠡᠭᠰᠢ ᠳᠥᠷᠪᠡᠯᠵᠢᠨ ᠮᠧᠲᠷ︔ ︽ᠶᠥᠩ ᠲᠠᠢ ᠴᠧᠩ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 34 ᠢᠵᠢ᠂ ᠢᠵᠢ ᠪᠦᠷᠢ ᠬᠡᠷ ᠤᠨ ᠲᠠᠯᠠᠪᠠᠶ 46-58 ᠲᠡᠭᠰᠢ ᠳᠥᠷᠪᠡᠯᠵᠢᠨ ᠮᠧᠲᠷ︔ ︽ᠶᠦᠨ ᠵᠦᠩ ᠱᠧᠩ ᠵᠢᠩ ᠬᠤᠶᠢᠲᠤ ᠲᠤᠭᠤᠷᠢᠭ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 78 ᠢᠵᠢ᠂ ᠢᠵᠢ ᠪᠦᠷᠢ ᠬᠡᠷ ᠤᠨ ᠲᠠᠯᠠᠪᠠᠶ 44 - 47 ᠲᠡᠭᠰᠢ ᠳᠥᠷᠪᠡᠯᠵᠢᠨ ᠮᠧᠲᠷ︔ ︽ ᠶᠢᠨ ᠳ᠋ᠢ ᠴᠢᠩ ᠹᠧᠩ ᠯᠢ︾ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠳᠤ 22 ᠢᠵᠢ᠂ ᠢᠵᠢ ᠪᠦᠷᠢ ᠬᠡᠷ ᠤᠨ ᠲᠠᠯᠠᠪᠠᠶ 55-58 ᠲᠡᠭᠰᠢ ᠳᠥᠷᠪᠡᠯᠵᠢᠨ ᠮᠧᠲᠷ︔  ᠲᠥᠪᠯᠡᠷᠡᠭᠦᠯᠦᠨ ᠰᠢᠨ᠎ᠡ ᠪᠠᠷ ᠪᠠᠶᠢᠭᠤᠯᠬᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠄ ᠰᠢᠨ᠎ᠡ ᠬᠤᠲᠠ ᠲᠣᠭᠤᠷᠢᠭ ᠤᠨ ᠾᠦᠢ ᠰᠢᠨ ᠶᠤᠸᠠᠨ᠂ ᠰᠠᠢ ᠸᠠᠢ · ᠠᠨ ᠵᠢᠦᠢ ᠰᠢᠨ᠎ᠡ ᠬᠤᠳᠠ ᠶᠢᠨ ᠲᠥᠷᠥᠯ ᠵᠦᠶᠯ ᠤᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠨᠢ ᠰᠠᠷ᠎ᠠ ᠶᠢᠨ ᠲᠡᠭᠰᠢ ᠳᠥᠷᠪᠡᠯᠵᠢᠨ ᠮᠧᠲᠷ ᠪᠦᠷᠢ10.7 ᠲᠥᠭᠦᠷᠢᠭ︔ ᠰᠢᠨ᠎ᠡ ᠬᠤᠲᠠ ᠲᠣᠭᠤᠷᠢᠭ ᠤᠨ ᠲᠠ ᠯᠢ᠂ ᠬᠤᠩ ᠱᠧᠩ ᠠᠵᠤ ᠦᠶᠯᠡᠳᠪᠦᠷᠢ ᠶᠢᠨ ᠬᠦᠷᠢᠶᠡᠯᠡᠩ ᠤᠨ ᠲᠥᠷᠥᠯ ᠵᠦᠶᠯ ᠤᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠨᠢ ᠰᠠᠷ᠎ᠠ ᠶᠢᠨ ᠲᠡᠭᠰᠢ ᠳᠥᠷᠪᠡᠯᠵᠢᠨ ᠮᠧᠲᠷ ᠪᠦᠷᠢ 9 ᠲᠥᠭᠦᠷᠢᠭ︔ ᠬᠤᠳᠤᠩ ᠠᠷᠠᠳ ᠤᠨ ᠲᠣᠭᠤᠷᠢᠭ ᠤᠨ ᠰᠠᠢ ᠸᠠᠢ · ᠠᠨ ᠺᠠᠩ ᠰᠢᠨ ᠵᠢᠦᠢ ᠶᠢᠨ ᠳᠦᠷᠦᠯ ᠵᠦᠶᠯ ᠤᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠨᠢ ᠰᠠᠷ᠎ᠠ ᠶᠢᠨ ᠲᠡᠭᠰᠢ ᠳᠥᠷᠪᠡᠯᠵᠢᠨ ᠮᠧᠲᠷ ᠪᠦᠷᠢ 9.3 ᠲᠥᠭᠦᠷᠢᠭ︔ ᠢᠤᠢ ᠴ‍‌ᠵᠤᠸᠠᠡ ᠲᠣᠭᠤᠷᠢᠭ ᠤᠨ ᠺᠠᠩ ᠵᠢᠦᠢ ᠵᠢᠶᠠ ᠶᠤᠸᠠᠨ ᠳᠦᠷᠦᠯ ᠵᠦᠶᠯ ᠤᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠨᠢ ᠰᠠᠷ᠎ᠠ ᠶᠢᠨ ᠲᠡᠭᠰᠢ ᠳᠥᠷᠪᠡᠯᠵᠢᠨ ᠮᠧᠲᠷ ᠪᠦᠷᠢ 6.6 ᠲᠥᠭᠦᠷᠢᠭ︔ ᠢᠤᠢ ᠴ‍‌ᠵᠤᠸᠠᠡ ᠲᠣᠭᠤᠷᠢᠭ ᠤᠨ ᠰᠢᠶᠠᠩ ᠾᠧ ᠶᠤᠸᠠᠨ ᠳᠦᠷᠦᠯ ᠵᠦᠶᠯ ᠤᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠨᠢ ᠰᠠᠷ᠎ᠠ ᠶᠢᠨ ᠲᠡᠭᠰᠢ ᠳᠥᠷᠪᠡᠯᠵᠢᠨ ᠮᠧᠲᠷ ᠪᠦᠷᠢ 9.2 ᠲᠥᠭᠦᠷᠢᠭ︔ ᠰᠠᠶᠢᠬᠠᠨ ᠲᠣᠭᠤᠷᠢᠭ ᠤᠨ ᠶᠠᠩ ᠭᠤᠸᠠᠩ ᠮᠧᠶ ᠵᠢᠦᠢ ᠲᠥᠷᠥᠯ ᠵᠦᠶᠯ ᠤᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠨᠢ ᠰᠠᠷ᠎ᠠ ᠶᠢᠨ ᠲᠡᠭᠰᠢ ᠳᠥᠷᠪᠡᠯᠵᠢᠨ ᠮᠧᠲᠷ ᠪᠦᠷᠢ11.4 ᠲᠥᠭᠦᠷᠢᠭ᠃  ᠲᠣᠬᠢᠷᠠᠭᠤᠯᠤᠨ ᠪᠠᠶᠢᠭᠤᠯᠤᠭᠰᠠᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠶᠢ ᠡᠯ᠎ᠡ ᠲᠣᠭᠤᠷᠢᠭ  ᠤᠨ ᠲᠥᠪᠯᠡᠷᠡᠭᠦᠯᠦᠨ ᠰᠢᠨ᠎ᠡ ᠪᠠᠷ ᠪᠠᠶᠢᠭᠤᠯᠬᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠄ ᠰᠢᠨ᠎ᠡ ᠬᠤᠲᠠ ᠲᠣᠭᠤᠷᠢᠭ ᠤᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠨᠢ ᠰᠠᠷ᠎ᠠ ᠶᠢᠨ ᠲᠡᠭᠰᠢ ᠳᠥᠷᠪᠡᠯᠵᠢᠨ ᠮᠧᠲᠷ ᠪᠦᠷᠢ 10.7 ᠲᠥᠭᠦᠷᠢᠭ︔ ᠬᠤᠲᠣᠩ ᠠᠷᠠᠳ ᠤᠨ ᠲᠣᠭᠤᠷᠢᠭ ᠤᠨ ᠣᠷᠣᠨ ᠰᠠᠭᠤᠴᠠ ᠶᠢᠨ ᠲᠦᠷᠢᠶ᠋ᠰᠦᠨ ᠮᠥᠩᠭᠦ ᠶᠢᠨ ᠪᠠᠷᠢᠮᠵᠢᠶ᠎ᠠ ᠨᠢ ᠰᠠᠷ᠎ᠠ ᠶᠢᠨ ᠲᠡᠭᠰᠢ ᠳᠥᠷᠪᠡᠯᠵᠢᠨ ᠮᠧᠲᠷ ᠪᠦᠷᠢ 9.3 ᠲᠥᠭᠦᠷᠢᠭ︔ ᠢᠤᠢ ᠴ‍‌ᠵᠤᠸᠠᠡ ᠲᠣᠭᠤᠷᠢᠭ ᠤᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠨᠢ ᠰᠠᠷ᠎ᠠ ᠶᠢᠨ ᠲᠡᠭᠰᠢ ᠳᠥᠷᠪᠡᠯᠵᠢᠨ ᠮᠧᠲᠷ ᠪᠦᠷᠢ 9.2 ᠲᠥᠭᠦᠷᠢᠭ︔ ᠰᠠᠶᠢᠬᠠᠨ ᠲᠣᠭᠤᠷᠢᠭ ᠤᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠪᠠᠷᠢᠮᠵᠢᠶ᠎ᠠ  ᠨᠢ ᠰᠠᠷ᠎ᠠ ᠶᠢᠨ ᠲᠡᠭᠰᠢ ᠳᠥᠷᠪᠡᠯᠵᠢᠨ ᠮᠧᠲᠷ ᠪᠦᠷᠢ11.4 ᠲᠥᠭᠦᠷᠢᠭ︔  ᠳᠡᠭᠡᠷ᠎ᠡ ᠳᠤᠷᠠᠳᠤᠭᠰᠠᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠤᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠳᠤ ᠴᠥᠮ ᠠᠳᠠᠯ ᠠᠬᠤᠶ ᠶᠢᠨ ᠦᠶᠯᠡᠴᠢᠯᠡᠭᠡᠨ ᠤ ᠰᠦᠶᠳᠬᠡᠯ ᠰᠠᠷ᠎ᠠ ᠶᠢᠨ ᠲᠡᠭᠰᠢ ᠳᠥᠷᠪᠡᠯᠵᠢᠨ ᠮᠧᠲᠷ ᠪᠦᠷᠢ ᠶᠢᠨ1.5 ᠲᠥᠭᠦᠷᠢᠭ  ᠢ ᠪᠠᠭᠲᠠᠨ᠎ᠠ᠃  ᠣᠶᠢᠷ᠎ᠠ ᠶᠢᠨ ᠬᠡᠳᠦᠨ ᠵᠢᠯ ᠳᠤ᠂ ᠬᠥᠬᠡᠬᠤᠲᠠ ︽ᠠᠷᠠᠳ ᠤᠨ ᠠᠮᠢᠳᠤᠷᠠᠯ ᠤᠨ ᠪᠠᠳᠤᠯᠠᠭ᠎ᠠ︾ ᠪᠠᠷ ᠭᠤᠤᠯᠳᠠᠯᠭ᠎ᠠ ᠪᠣᠯᠭᠠᠨ᠂ ᠬᠤᠲᠠ ᠶᠢᠨ ᠳᠤᠮᠳᠠ ᠳᠣᠤᠷ᠎ᠠ ᠣᠷᠣᠯᠭ᠎ᠠ ᠲᠠᠢ ᠬᠡᠷ ᠪᠦᠯᠢ᠂ ᠰᠢᠨ᠎ᠡ ᠪᠠᠷ ᠠᠵᠢᠯ ᠣᠯᠤᠭᠰᠠᠨ ᠣᠷᠣᠨ ᠰᠠᠭᠤᠴᠠ ᠥᠬᠡᠶ ᠠᠵᠢᠯᠲᠠᠨ ᠠᠵᠢᠯᠴᠢᠨ ᠪᠣᠯᠤᠨ ᠲᠣᠰ ᠬᠤᠲᠠ ᠳᠤ ᠲᠣᠭᠲᠠᠪᠤᠷᠢᠲᠠᠶ ᠠᠵᠢᠯ  ᠲᠠᠢ ᠭᠠᠳᠠᠨ᠎ᠠ ᠠᠴᠠ ᠢᠷᠡᠭᠰᠡᠨ ᠬᠥᠯᠥᠰᠥᠨ ᠠᠵᠢᠯᠴᠢᠨ ᠤ ᠱᠠᠲᠤ ᠦᠶ᠎ᠡ ᠶᠢᠨ ᠴᠢᠨᠠᠷᠲᠠᠶ ᠣᠷᠣᠨ ᠰᠠᠭᠤᠴᠠ ᠶᠢᠨ ᠬᠦᠴᠢᠷᠳᠡᠯ ᠤᠨ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠵᠣᠬᠢᠬᠤ ᠦᠷ᠎ᠡ ᠪᠦᠲᠦᠮᠵᠢ ᠤᠯᠪᠠ᠃ ᠡᠭᠦᠨ ᠤ ᠬᠠᠮᠲᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠨᠠᠩ ᠰᠠᠶᠢᠲᠤᠷ ᠵᠣᠬᠢᠴᠠᠬᠤ ᠶᠢᠨ ᠲᠥᠯᠥᠭᠡ᠂ ᠰᠢᠨ᠎ᠡ ᠪᠠᠷ ᠠᠵᠢᠯ ᠣᠯᠤᠭᠰᠠᠨ ᠰᠤᠷᠤᠯᠭ᠎ᠠ ᠲᠡᠭᠦᠰᠦᠭᠰᠡᠨ ᠤᠶᠤᠳᠠᠨ᠂ ᠰᠢᠨ᠎ᠡ ᠬᠤᠲᠠ ᠶᠢᠨ ᠠᠷᠠᠳ ᠵᠡᠷᠭᠡ ᠵᠠᠯᠠᠭᠤᠴᠤᠳ ᠤᠨ ᠬᠠᠮᠲᠤᠯᠢᠭ ᠲᠤ ᠴᠢᠭᠯᠡᠭᠦᠯᠦᠨ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠲᠥᠷᠥ ᠶᠢᠨ ᠪᠣᠳᠣᠯᠭ᠎ᠠ ᠨᠡᠶᠢᠲᠡᠯᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠵᠠᠶᠢᠯᠠᠰᠢ ᠥᠬᠡᠶ ᠬᠡᠷᠡᠭᠴᠡᠭᠡᠨ ᠤ ᠳᠠᠷᠤᠯᠲᠠ ᠶᠢ ᠤᠯᠠᠮ ᠨᠢᠭᠡ ᠠᠯᠬᠤᠮ ᠨᠠᠮᠳᠠᠭᠤᠯᠵᠤ᠂ ᠬᠥᠮᠥᠷᠭᠡ ᠶᠢᠨ ᠬᠠᠳᠠᠭᠠᠯᠠᠯᠲᠠ ᠶᠢ ᠰᠤᠯᠠᠯᠠᠨ᠂ ᠵᠠᠯᠠᠭᠤᠴᠤᠳ ᠤᠨ ᠣᠷᠣᠨ ᠰᠠᠭᠤᠴᠠ ᠶᠢᠨ ᠬᠦᠴᠢᠷᠳᠡᠯ ᠤᠨ ᠠᠰᠠᠭᠤᠳᠠᠯ ᠢ ᠰᠢᠶᠳᠪᠦᠷᠢᠯᠡᠪᠡ᠃   
ᠢᠷᠡᠯᠲᠡ᠄ ᠬᠦᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠤᠮᠠᠷᠠᠲᠤ ᠶᠢᠨ ᠰᠢᠨ᠎ᠡ ᠰᠣᠨᠢᠨ