ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ | ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ︽ᠰᠤᠷᠲᠠᠯ ᠢ ᠰᠠᠶᠢᠵᠢᠷᠠᠭᠤᠯᠵᠤ᠂ ᠦᠷ᠎ᠡ ᠪᠦᠲᠦᠮᠵᠢ ᠶᠢ | ᠲᠡᠭᠡᠭᠰᠢᠯᠡᠭᠦᠯᠦᠶ᠎ᠡ︾ ᠲᠤᠰᠬᠠᠶ ᠠᠵᠢᠯᠯᠠᠭ᠎ᠠ ᠶᠢᠨ ︽ᠴᠣᠮᠬᠠᠳᠬᠠᠵᠤ ᠰᠢᠯᠢᠳᠡᠭᠵᠢᠭᠦᠯᠦᠨ ᠦᠷ᠎ᠡ ᠪᠦᠲᠦᠮᠵᠢ ᠶᠢ ᠲᠡᠭᠡᠭᠰᠢᠯᠡᠭᠦᠯᠦᠶ᠎ᠡ︾ ᠱᠠᠲᠤ ᠦᠶ᠎ᠡ ᠶᠢᠨ ᠠᠵᠢᠯ ᠤᠨ | ᠡᠭᠦᠷᠭᠡ ᠶᠢ ᠯᠠᠪᠳᠠᠭᠤᠨ ᠪᠠᠲᠤᠲᠠᠶ ᠠᠬᠢᠭᠤᠯᠵᠤ᠂ ᠪᠢᠴᠢᠭ ᠮᠠᠲ᠋ᠧᠷᠢᠶᠠᠯ ᠤᠨ ᠲᠤᠭ᠎ᠠ ᠬᠡᠮᠵᠢᠶ᠎ᠡ ᠶᠢᠨ ᠠᠭᠤᠯᠭ᠎ᠠ ᠶᠢ ᠤᠯᠠᠮ ᠨᠢᠭᠡ ᠠᠯᠬᠤᠮ ᠴᠣᠮᠬᠠᠳᠬᠠᠵᠤ᠂ ᠬᠤᠷᠠᠯ | ᠤᠨ ᠴᠠᠭ ᠬᠤᠭᠤᠴᠠᠭ᠎ᠠ ᠶᠢ ᠪᠣᠭᠤᠨᠢᠰᠬᠠᠵᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠬᠥᠭᠵᠢᠭᠡᠵᠦ᠂ ᠰᠢᠮᠳᠠᠭᠤᠯᠤᠨ ᠪᠠᠶᠢᠴᠠᠭᠠᠬᠤ ᠪᠠ ᠪᠠᠶᠢᠴᠠᠭᠠᠬᠤ | ᠶᠢ ᠵᠢᠷᠤᠮᠵᠢᠭᠤᠯᠤᠨ ᠰᠢᠯᠢᠳᠡᠭᠵᠢᠭᠦᠯᠵᠦ᠂ ︽ᠭᠤᠷᠪᠠ ᠶᠢ ᠭᠦᠢᠴᠡᠳᠬᠡᠵᠦ ᠭᠤᠷᠪᠠ ᠳᠤ ᠦᠢᠯᠡᠴᠢᠯᠡᠬᠦ︾ ᠶᠢᠨ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ | ᠰᠢᠨ᠎ᠡ ᠳᠡᠭᠡᠭᠰᠢᠯᠡᠯᠲᠡ ᠲᠠᠢ ᠪᠣᠯᠪᠠ᠃ | ᠨᠢᠭᠡ ᠳᠤ᠂ ᠪᠢᠴᠢᠭ ᠮᠠᠲ᠋ᠧᠷᠢᠶᠠᠯ ᠲᠠᠷᠬᠠᠭᠠᠬᠤ ᠬᠠᠮᠢᠶᠠᠷᠤᠯᠲᠠ ᠶᠢ ᠴᠢᠩᠭᠠᠳᠬᠠᠨ᠂ ᠪᠢᠴᠢᠭ ᠮᠠᠲ᠋ᠧᠷᠢᠶᠠᠯ ᠤᠨ ᠲᠤᠭ᠎ᠠ ᠬᠡᠮᠵᠢᠶ᠎ᠡ ᠪᠠ ᠠᠭᠤᠯᠭ᠎ᠠ ᠶᠢ | ᠴᠣᠮᠬᠠᠳᠬᠠᠨ᠎ᠠ᠃ ᠪᠢᠴᠢᠭ ᠮᠠᠲ᠋ᠧᠷᠢᠶᠠᠯ ᠲᠠᠷᠬᠠᠭᠠᠬᠤ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠭᠠᠰᠬᠠᠵᠤ᠂ ᠲᠠᠷᠬᠠᠭᠠᠬᠤ ᠪᠠ ᠲᠠᠷᠬᠠᠭᠠᠬᠤ ᠦᠭᠡᠶ ᠪᠦᠷ ᠪᠠᠶᠢᠵᠤ | ᠪᠣᠯᠬᠤ ᠪᠢᠴᠢᠭ ᠮᠠᠲ᠋ᠧᠷᠢᠶᠠᠯ ᠢ ᠴᠥᠮ ᠲᠠᠷᠬᠠᠭᠠᠬᠤ ᠦᠭᠡᠶ᠂ ᠤᠷᠲᠤ ᠪᠠᠶᠢᠭᠰᠠᠨ ᠴᠤ ᠪᠤᠯᠤᠨ᠎ᠠ ᠣᠬᠤᠷ ᠴᠤ ᠪᠣᠯᠬᠤ ᠪᠢᠴᠢᠭ ᠮᠠᠲ᠋ᠧᠷᠢᠶᠠᠯ ᠢ ᠴᠥᠮ ᠬᠠᠭᠤᠳᠠᠰᠤ ᠶᠢ | ᠨᠢ ᠴᠤᠮᠬᠠᠳᠬᠠᠨ᠎ᠠ᠃ ᠵᠢᠭᠠᠪᠤᠷᠢ ᠠᠪᠬᠤ ᠲᠥᠷᠥᠯ ᠤᠨ ᠪᠢᠴᠢᠭ ᠮᠠᠲ᠋ᠧᠷᠢᠶᠠᠯ ᠢ 3000 ᠥᠰᠥᠭ ᠠᠴᠠ ᠬᠡᠲᠦᠷᠡᠭᠦᠯᠵᠦ ᠪᠣᠯᠬᠤ ᠥᠬᠡᠶ᠂ ᠶᠡᠷᠦᠩᠬᠡᠶᠢᠯᠡᠭᠰᠡᠨ | ᠲᠥᠷᠥᠯ ᠤᠨ ᠮᠡᠳᠡᠭᠦᠯᠦᠯᠲᠡ ᠶᠢ 5000 ᠥᠰᠥᠭ ᠠᠴᠠ ᠬᠡᠲᠦᠷᠡᠭᠦᠯᠵᠦ ᠪᠣᠯᠬᠤ ᠥᠬᠡᠶ᠂ ᠲᠤᠰᠬᠠᠶ ᠵᠦᠶᠯ ᠤᠨ ᠮᠡᠳᠡᠭᠦᠯᠦᠯᠲᠡ ᠶᠢ 3000 ᠥᠰᠥᠭ ᠠᠴᠠ | ᠬᠡᠲᠦᠷᠡᠭᠦᠯᠵᠦ ᠪᠣᠯᠬᠤ ᠥᠬᠡᠶ︔ ᠪᠢᠴᠢᠭ ᠮᠠᠲ᠋ᠧᠷᠢᠶᠠᠯ ᠲᠠᠷᠬᠠᠭᠠᠬᠤ ᠪᠠᠷ ᠳᠡᠪᠰᠢᠭᠦᠯᠦᠭᠰᠡᠨ ᠪᠢᠴᠢᠭ ᠮᠠᠲ᠋ᠧᠷᠢᠶᠠᠯ ᠳᠤ ᠡᠬᠡ ᠪᠢᠴᠢᠭ ᠢ ᠣᠷᠣᠯᠠᠨ ᠲᠤᠭᠤᠷᠪᠢᠵᠤ᠂ | ᠶᠡᠷᠦᠩᠬᠡᠶᠢᠯᠡᠭᠰᠡᠨ ᠴᠢᠨᠠᠷᠲᠠᠶ᠂ ᠪᠦᠬᠦ ᠲᠠᠯ᠎ᠠ ᠶᠢᠨ ᠴᠢᠨᠠᠷᠲᠠᠶ ᠴᠢᠬᠤᠯᠠ ᠠᠵᠢᠯ ᠢ ᠪᠠᠶᠢᠷᠢᠯᠠᠭᠤᠯᠬᠤ ᠴᠢᠬᠤᠯᠠ ᠠᠵᠢᠯ ᠤᠨ ᠠᠭᠤᠯᠭ᠎ᠠ ᠶᠢ 5000 ᠦᠰᠦᠭ ᠠᠴᠠ | ᠬᠡᠲᠦᠷᠡᠭᠦᠯᠵᠦ ᠪᠣᠯᠬᠤ ᠦᠭᠡᠶ᠂ ᠲᠤᠰᠬᠠᠶ ᠵᠦᠢᠯ ᠤᠨ ᠠᠵᠢᠯ ᠪᠠᠶᠢᠷᠢᠯᠠᠭᠤᠯᠬᠤ ᠪᠤᠶᠤ ᠪᠣᠳᠠᠲᠠᠶ ᠡᠭᠦᠷᠭᠡ ᠶᠢ 3000 ᠦᠰᠦᠭ ᠠᠴᠠ ᠬᠡᠲᠦᠷᠡᠭᠦᠯᠵᠦ ᠪᠣᠯᠬᠤ ᠦᠭᠡᠶ᠃ | | ᠬᠤᠶᠠᠷ ᠲᠤ᠂ ᠬᠤᠷᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠬᠤᠷᠠᠯ ᠤᠨ ᠤᠳᠠᠭ᠎ᠠ ᠪᠠ ᠴᠠᠭ ᠤᠨ ᠤᠷᠲᠤ ᠶᠢ ᠪᠠᠭᠠᠰᠬᠠᠨ᠎ᠠ᠃ ᠲᠢᠩᠬᠢᠮ ᠤᠨ ᠨᠡᠷ᠎ᠡ ᠪᠠᠷ | ᠬᠤᠷᠠᠯᠳᠤᠭᠤᠯᠤᠭᠰᠠᠨ ᠪᠥᠬᠦ ᠣᠷᠣᠨ ᠤ ᠴᠢᠨᠠᠷᠲᠠᠶ ᠪᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠬᠤᠷᠠᠯ᠂ | ᠥᠪᠡᠷᠲᠡᠭᠡᠨ ᠵᠠᠰᠠᠬᠤ ᠣᠷᠣᠨ ᠤ ᠬᠡᠷᠡᠭ ᠵᠥᠪᠯᠡᠵᠦ ᠪᠠᠶᠢᠭᠤᠯᠤᠮᠵᠢ ᠵᠣᠬᠢᠴᠠᠭᠤᠯᠬᠤ ᠶᠢᠨ ᠨᠡᠷ᠎ᠡ ᠪᠠᠷ ᠬᠤᠷᠠᠯᠳᠤᠭᠤᠯᠤᠭᠰᠠᠨ ᠬᠤᠷᠠᠯ ᠢ ᠨᠢᠭᠡᠳᠦᠯᠲᠡᠶ ᠲᠥᠯᠥᠪᠯᠡᠨ | ᠬᠠᠮᠢᠶᠠᠷᠤᠨ᠎ᠠ᠃ ᠵᠢᠯ ᠪᠦᠷᠢ ᠶᠢᠨ 1 ᠳ᠋ᠤᠭᠡᠷ ᠰᠠᠷ᠎ᠠ ᠳᠤ ᠲᠤᠰ ᠣᠨ ᠤ ᠬᠤᠷᠠᠯ ᠤᠨ ᠲᠥᠯᠥᠪᠯᠡᠭᠡ ᠶᠢ ᠲᠣᠭᠲᠠᠭᠠᠵᠤ᠂ ᠣᠨ ᠤ ᠬᠤᠷᠠᠯ ᠤᠨ ᠲᠥᠯᠥᠪᠯᠡᠭᠡ ᠶᠢ ᠴᠢᠩᠭ᠎ᠠ | ᠬᠡᠷᠡᠭᠵᠢᠭᠦᠯᠵᠦ᠂ ᠲᠥᠯᠥᠪᠯᠡᠭᠡ ᠳᠤ ᠣᠷᠣᠭᠤᠯᠤᠭᠰᠠᠨ ᠦᠭᠡᠶ ᠪᠣᠯ ᠵᠠᠷᠴᠢᠮ ᠳᠡᠭᠡᠷ᠎ᠡ ᠪᠠᠨ ᠬᠤᠷᠠᠯᠳᠤᠭᠤᠯᠬᠤ ᠦᠭᠡᠶ᠃ ᠬᠤᠰᠢᠭᠤ ᠰᠢᠶᠠᠨ ᠤ ᠱᠠᠲᠤ ᠶᠢᠨ ᠬᠤᠷᠠᠯ | ᠪᠣᠯᠤᠨ ᠥᠪᠡᠷᠲᠡᠭᠡᠨ ᠵᠠᠰᠠᠬᠤ ᠣᠷᠣᠨ ᠤ ᠬᠡᠷᠡᠭ ᠵᠥᠪᠯᠡᠵᠦ ᠪᠠᠶᠢᠭᠤᠯᠤᠮᠵᠢ ᠵᠣᠬᠢᠴᠠᠭᠤᠯᠬᠤ ᠶᠢᠨ ᠨᠡᠷ᠎ᠡ ᠪᠠᠷ ᠬᠤᠷᠠᠯᠳᠤᠭᠤᠯᠬᠤ ᠬᠦᠷᠲᠡᠯᠡᠬᠢ ᠬᠤᠷᠠᠯ ᠢ ᠴᠢᠩᠭ᠎ᠠ | ᠬᠢᠵᠠᠭᠠᠷᠯᠠᠬᠤ ᠬᠡᠷᠡᠭᠲᠡᠶ᠃ ᠬᠤᠷᠠᠯ ᠳᠤ ᠣᠷᠣᠯᠴᠠᠬᠤ ᠬᠥᠮᠦᠨ ᠤ ᠲᠤᠭ᠎ᠠ᠂ ᠬᠡᠪᠴᠢᠶ᠎ᠡ ᠶᠢ ᠴᠢᠩᠭ᠎ᠠ ᠡᠵᠡᠮᠳᠡᠵᠦ᠂ ᠬᠠᠮᠢᠶ᠎ᠠ ᠥᠬᠡᠶ ᠬᠥᠮᠦᠰ ᠤᠨ ᠪᠠᠷ᠎ᠠ ᠪᠣᠯᠣᠨ | ᠬᠤᠷᠠᠯ ᠳᠤ ᠣᠷᠣᠯᠴᠠᠬᠤ ᠶᠢ ᠴᠢᠩᠭ᠎ᠠ ᠴᠠᠭᠠᠵᠠᠯᠠᠨ᠎ᠠ᠃ ᠪᠦᠬᠦ ᠣᠷᠣᠨ ᠤ ᠴᠢᠨᠠᠷᠲᠠᠶ ᠠᠵᠢᠯ ᠤᠨ ᠬᠤᠷᠠᠯ ᠤᠨ ᠬᠤᠷᠠᠯ ᠳᠤ ᠣᠷᠣᠯᠴᠠᠬᠤ ᠬᠥᠮᠦᠨ ᠤ ᠲᠤᠭ᠎ᠠ 150 | ᠬᠥᠮᠦᠨ ᠠᠴᠠ ᠬᠡᠲᠦᠷᠡᠵᠦ ᠪᠣᠯᠬᠤ ᠦᠭᠡᠶ᠃ ᠡᠯ᠎ᠡ ᠲᠦᠷᠦᠯ ᠤᠨ ᠸᠢᠳᠢᠣ᠋ ᠬᠤᠷᠠᠯ ᠢ ᠵᠥᠪᠬᠡᠨ ᠳᠣᠷᠣᠭᠰᠢ ᠨᠢᠭᠡ ᠳᠡᠰ ᠲᠤ ᠬᠤᠷᠠᠯᠳᠤᠭᠤᠯᠵᠤ᠂ ᠱᠠᠳᠤ ᠱᠠᠳᠤ ᠪᠠᠷ | ᠳᠠᠪᠬᠤᠷᠯᠠᠨ ᠬᠤᠷᠠᠯᠳᠤᠭᠤᠯᠵᠤ ᠪᠣᠯᠬᠤ ᠦᠭᠡᠢ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠬᠤᠷᠠᠯᠳᠤᠭᠤᠯᠤᠭᠰᠠᠨ ᠸᠢᠳᠢᠣ᠋ ᠬᠤᠷᠠᠯ ᠢ ᠦᠨᠡᠨᠬᠦ ᠬᠤᠰᠢᠭᠤ | ᠰᠢᠶᠠᠨ ᠤ ᠱᠠᠲᠤ ᠬᠦᠷᠲᠡᠯ᠎ᠡ ᠬᠤᠷᠠᠯᠳᠤᠭᠤᠯᠬᠤ ᠴᠢᠬᠤᠯᠠᠲᠠᠢ ᠭᠡᠪᠡᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠮᠡᠳᠡᠭᠦᠯᠦᠨ | ᠬᠢᠨᠠᠨ ᠵᠦᠪᠰᠢᠶᠡᠷᠡᠭᠦᠯᠦᠨ᠎ᠡ᠃ ᠠᠵᠢᠯ ᠢ ᠲᠣᠬᠢᠷᠠᠭᠤᠯᠬᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠵᠡᠷᠭᠡ ᠨᠡᠷ᠎ᠡ ᠪᠠᠷ ᠬᠤᠪᠢᠷᠠᠭᠤᠯᠤᠨ ᠸᠢᠳᠢᠣ᠋ ᠠᠵᠢᠯ ᠤᠨ ᠬᠤᠷᠠᠯ | ᠬᠤᠷᠠᠯᠳᠤᠭᠤᠯᠬᠤ ᠶᠢ ᠴᠢᠩᠭ᠎ᠠ ᠴᠠᠭᠠᠵᠢᠯᠠᠨ᠎ᠠ᠃ | ᠭᠤᠷᠪᠠ ᠳᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠬᠥᠭᠵᠢᠭᠡᠵᠦ᠂ ᠰᠢᠮᠳᠠᠭᠤᠯᠤᠨ ᠪᠠᠶᠢᠴᠠᠭᠠᠬᠤ ᠪᠠ ᠪᠠᠶᠢᠴᠠᠭᠠᠬᠤ ᠬᠢᠨᠠᠨ ᠦᠨᠡᠯᠡᠯᠳᠡ ᠶᠢ | ᠬᠢᠷᠤᠮᠵᠢᠭᠤᠯᠤᠨᠠ᠃ ︽ᠲᠢᠩᠬᠢᠮ ᠤᠨ ᠰᠢᠰᠲ᠋ᠧᠮ ᠳᠤ ᠪᠠᠶᠢᠴᠠᠭᠠᠨ ᠰᠤᠳᠤᠯᠤᠯᠲᠠ ᠶᠢ ᠶᠡᠭᠡ ᠪᠠᠷ ᠬᠥᠭᠵᠢᠭᠡᠬᠦ ᠲᠤᠬᠠᠶ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ | ᠲᠠᠷᠬᠠᠭᠠᠵᠤ᠂ ᠲᠢᠩᠬᠢᠮ ᠤᠨ ᠰᠢᠰᠲ᠋ᠧᠮ ᠳᠤ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠬᠥᠭᠵᠢᠭᠡᠵᠦ᠂ ᠨᠠᠮ ᠤᠨ ᠲᠥᠪ ᠬᠤᠷᠢᠶᠠᠨ ᠤ 12 ᠲᠠᠯ᠎ᠠ | ᠶᠢᠨ ᠪᠠᠶᠢᠴᠠᠭᠠᠨ ᠰᠤᠳᠤᠯᠤᠯᠲᠠ ᠬᠢᠬᠦ ᠠᠭᠤᠯᠭ᠎ᠠ ᠲᠠᠢ ᠨᠢᠭᠲᠠ ᠤᠶᠠᠯᠳᠤᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠨ | ᠥᠭᠭᠦᠭᠰᠡᠨ ᠲᠠᠪᠤᠨ ᠶᠡᠭᠡ ᠡᠭᠦᠷᠭᠡ ᠪᠠ ︽ᠵᠢᠱᠢᠶ᠎ᠡ ᠦᠵᠡᠭᠦᠯᠬᠦ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠴᠢᠬᠤᠯᠠ | ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠢᠩᠬᠢᠮ ᠤᠨ ᠰᠢᠰᠲ᠋ᠧᠮ ᠤᠨ 10 ᠲᠠᠯ᠎ᠠ ᠶᠢᠨ ᠪᠠᠶᠢᠴᠠᠭᠠᠨ ᠰᠤᠳᠤᠯᠤᠯᠲᠠ ᠬᠢᠬᠦ ᠠᠭᠤᠯᠭ᠎ᠠ ᠶᠢ ᠲᠣᠳᠣᠷᠬᠠᠶᠢᠯᠠᠪᠠ | ᠃ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠳᠤ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠤᠨ ᠲᠣᠳᠣᠷᠬᠠᠶᠢᠯᠠᠯᠲᠠ᠂ ᠲᠤᠷᠰᠢᠯᠭ᠎ᠠ ᠶᠢᠨ ᠳ᠋ᠦᠩᠨᠡᠯᠲᠡ᠂ | ᠠᠰᠠᠭᠤᠳᠠᠯ ᠤᠨ ᠡᠮᠬᠢᠯᠡᠯᠲᠡ ᠪᠠᠶᠢᠬᠤ ᠪᠠᠷ ᠪᠠᠷᠠᠬᠤ ᠦᠭᠡᠢ ᠪᠠᠰᠠ ᠬᠠᠨᠳᠤᠯᠭᠠᠲᠤ ᠴᠢᠨᠠᠷᠲᠠᠢ ᠪᠠᠷ ᠠᠵᠢᠯ ᠢᠶᠠᠨ ᠴᠢᠩᠭᠠᠳᠬᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ | ᠰᠠᠨᠠᠭᠤᠯᠭ᠎ᠠ ᠳᠤᠷᠠᠳᠴᠤ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠠᠵᠢᠯ ᠢᠶᠠᠨ ᠥᠷᠨᠢᠭᠦᠯᠬᠦ ᠴᠢᠬᠤᠯᠠ ᠯᠠᠪᠯᠠᠯᠲᠠ ᠪᠤᠯᠭᠠᠨ᠎ᠠ᠃ ᠰᠢᠮᠳᠠᠭᠤᠯᠤᠨ | ᠪᠠᠶᠢᠴᠠᠭᠠᠬᠤ ᠪᠠ ᠪᠠᠶᠢᠴᠠᠭᠠᠬᠤ ᠬᠢᠨᠠᠨ ᠦᠨᠡᠯᠡᠯᠳᠡ ᠶᠢᠨ ᠪᠠᠶᠢᠴᠠᠭᠠᠨ ᠰᠤᠳᠤᠯᠤᠯᠲᠠ ᠶᠢ ᠴᠢᠩᠭ᠎ᠠ ᠵᠢᠷᠤᠮᠵᠢᠭᠤᠯᠵᠤ᠂ ︽ᠳᠦᠷᠪᠡ ᠥᠬᠡᠶ ᠬᠤᠶᠠᠷ ᠰᠢᠭᠤᠳ︾ | ᠮᠠᠶ᠋ᠢᠭ ᠤᠨ ᠪᠠᠶᠢᠴᠠᠭᠠᠨ ᠰᠤᠳᠤᠯᠤᠯᠲᠠ ᠶᠢ ᠢᠯᠡᠭᠦᠬᠡᠨ ᠬᠢᠬᠦ ᠶᠢ ᠱᠠᠭᠠᠷᠳᠠᠵᠤ᠂ ᠦᠵᠡᠭᠦᠯᠭᠡ ᠶᠢᠨ ᠮᠠᠶ᠋ᠢᠭ᠂ ᠦᠵᠡᠮᠵᠢ ᠮᠠᠶ᠋ᠢᠭ ᠪᠤᠯᠤᠨ ᠭᠦᠨᠵᠡᠭᠡᠢ ᠪᠤᠰᠤ ᠮᠠᠶ᠋ᠢᠭ ᠤᠨ | ᠪᠠᠶᠢᠴᠠᠭᠠᠨ ᠰᠤᠳᠤᠯᠤᠯᠲᠠ ᠶᠢ ᠬᠢᠬᠦ ᠥᠬᠡᠶ᠂ ᠬᠠᠰᠢ ᠶᠠᠰᠢ᠂ ᠭᠦᠨᠵᠡᠭᠡᠶᠢᠷᠡᠬᠦ ᠥᠬᠡᠶ ᠪᠠᠶᠢᠬᠤ ᠶᠢ ᠰᠡᠷᠭᠡᠶᠢᠯᠡᠨ᠎ᠡ᠃ ᠲᠢᠩᠬᠢᠮ ᠤᠨ ᠠᠯᠪᠠᠨ ᠭᠡᠷ ᠨᠢ ᠳᠣᠲᠣᠭᠠᠳᠤ | ᠳᠠᠭᠠᠨ ᠨᠢᠭᠡᠳᠦᠯᠲᠡᠶ ᠲᠦᠯᠦᠪᠵᠢᠭᠦᠯᠭᠡ ᠪᠠᠨ ᠴᠢᠩᠭᠠᠳᠬᠠᠵᠤ᠂ ᠣᠪᠣᠭᠠᠷᠠᠯᠳᠤᠨ ᠪᠠᠶᠢᠴᠠᠭᠠᠨ ᠰᠤᠳᠤᠯᠤᠯᠲᠠ ᠬᠢᠬᠦ᠂ ᠣᠯᠠᠨ ᠲᠠᠯ᠎ᠠ ᠠᠴᠠ ᠪᠠᠶᠢᠴᠠᠭᠠᠨ ᠰᠤᠳᠤᠯᠤᠯᠲᠠ | ᠬᠢᠬᠦ᠂ ᠳᠠᠪᠬᠤᠷᠳᠠᠭᠤᠯᠤᠨ ᠪᠠᠶᠢᠴᠠᠭᠠᠨ ᠰᠤᠳᠤᠯᠤᠯᠲᠠ ᠬᠢᠬᠦ ᠠᠴᠠ ᠵᠠᠶᠢᠯᠠᠰᠬᠢᠬᠦ ᠬᠡᠷᠡᠭᠲᠡᠶ᠃ | |