2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠷᠢᠯᠭ᠎ᠠ ᠶᠢᠨ ᠠᠵᠢᠯ ᠤᠨ ᠠᠷᠭ᠎ᠠ ᠶᠢᠨ ᠨᠡᠷᠡᠰ ᠤᠨ ᠵᠢᠭᠰᠠᠭᠠᠯᠲᠠ  ᠶᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/4/26
  ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ᠄  ︽2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠵᠢᠯ ᠤᠨ ᠠᠷᠭ᠎ᠠ ᠶᠢ ᠮᠡᠳᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ ᠥᠪᠥᠷ ᠪᠠᠷᠢᠯᠭ᠎ᠠ ᠶᠠᠰᠤ ᠴᠢᠨᠠᠷ  ﹇ 2022﹈ 204 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ  ᠤᠨ ᠮᠡᠳᠡᠭᠦᠯᠦᠯᠲᠡ᠂ ᠠᠶᠢᠮᠠᠭ ᠬᠤᠲᠠ ᠶᠢᠨ ᠠᠩᠬᠠᠨ ᠤ ᠬᠢᠨᠠᠯᠲᠠ ᠲᠠᠨᠢᠯᠴᠠᠭᠤᠯᠭ᠎ᠠ᠂ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠥᠪᠥᠷ ᠮᠣᠩᠭᠤᠯ ᠤᠨ ᠶᠤᠸᠠᠨ ᠲᠥᠩ ᠵᠠᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ︽ᠪᠠᠷᠤᠭᠰᠢᠨ ᠪᠧᠲ᠋ᠤᠨ ᠵᠠᠮ ᠤᠨ ᠭᠠᠳᠠᠷᠭᠤ ᠶᠢ ᠲᠤᠬᠠᠶ ᠶᠢᠨ ᠭᠠᠵᠠᠷ ᠲᠤᠨᠢ ᠬᠠᠯᠠᠭᠠᠬᠤ ᠳᠠᠬᠢᠨ ᠤᠷᠭᠤᠭᠤᠯᠤᠭᠰᠠᠨ ᠨᠣᠭᠤᠭᠠᠨ ᠪᠦᠰᠡ ᠶᠢ ᠰᠡᠷᠭᠡᠶᠢᠯᠡᠨ ᠬᠠᠮᠠᠭᠠᠯᠠᠬᠤ ᠪᠠᠷᠢᠯᠭ᠎ᠠ ᠶᠢᠨ ᠠᠵᠢᠯ ᠤᠨ       ᠠᠷᠭ᠎ᠠ︾ ᠵᠡᠷᠭᠡ 272 ᠵᠦᠢᠯ ᠤᠨ ᠪᠠᠷᠢᠯᠭ᠎ᠠ ᠶᠢᠨ ᠠᠵᠢᠯ ᠤᠨ ᠠᠷᠭ᠎ᠠ ᠶᠢ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠷᠢᠯᠭ᠎ᠠ ᠶᠢᠨ ᠠᠵᠢᠯ ᠤᠨ ᠠᠷᠭ᠎ᠠ ᠪᠣᠯᠭᠠᠨ ᠦᠨᠡᠯᠡᠨ ᠲᠣᠭᠲᠠᠭᠠᠵᠤ ᠡᠳᠦᠭᠡ ᠨᠡᠶᠢᠲᠡᠯᠡᠪᠡ᠃      ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠢᠯ ᠤᠨ ᠠᠷᠭ᠎ᠠ ᠶᠢᠨ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠷᠢᠯᠭ᠎ᠠ ᠶᠢᠨ ᠠᠵᠤ ᠠᠬᠤᠶᠢᠯᠠᠯ ᠤᠨ ᠪᠠᠷᠢᠯᠭ᠎ᠠ ᠶᠢᠨ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠬᠦ ᠶᠢ ᠵᠣᠷᠢᠭᠵᠢᠭᠤᠯᠤᠨ᠂ ᠠᠵᠢᠯ ᠤᠨ ᠠᠷᠭ᠎ᠠ ᠪᠠᠷ ᠰᠢᠨ᠎ᠡ ᠶᠢ ᠡᠭᠦᠳᠬᠦ ᠴᠢᠳᠠᠪᠤᠷᠢ ᠪᠠᠨ ᠨᠡᠮᠡᠭᠳᠡᠭᠦᠯᠬᠦ ᠶᠢ ᠴᠢᠬᠤᠯᠠᠴᠢᠯᠠᠵᠤ᠂ ᠠᠵᠢᠯ ᠤᠨ ᠠᠷᠭ᠎ᠠ ᠶᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠨ ᠬᠤᠪᠢᠷᠠᠭᠤᠯᠬᠤ ᠶᠢ ᠲᠦᠷᠭᠡᠳᠬᠡᠵᠦ᠂ ᠮᠠᠨ ᠤ ᠣᠷᠣᠨ ᠤ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠰᠤᠭᠠᠢ ᠃  ᠳᠠᠭᠠᠯᠳᠤᠭᠤᠯᠤᠯ᠄ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠷᠢᠯᠭ᠎ᠠ ᠶᠢᠨ ᠠᠵᠢᠯ ᠤᠨ ᠠᠷᠭ᠎ᠠ ᠶᠢᠨ ᠨᠡᠷᠡᠰ ᠤᠨ ᠵᠢᠭᠰᠠᠭᠠᠯᠲᠠ

 

 

ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ