ᠸᠠᠩ ᠸᠧᠨ ᡁᠢ ᠲᠠᠭᠠᠭᠠᠴᠢᠯᠠᠨ ᠬᠤᠯᠪᠤᠭᠠᠯᠠᠭᠰᠠᠨ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/4/27
    ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠤᠷᠤᠭᠤᠯᠤᠯᠳᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠶᠯ  ᠤᠨ ᠣᠷᠣᠯᠠᠨ ᠪᠠᠶᠢᠭᠤᠯᠬᠤ ᠲᠥᠪ ᠤᠨ ᠨᠠᠮ ᠤᠨ ᠶᠡᠷᠦᠩᠬᠡᠢ ᠡᠭᠦᠷ ᠤᠨ ᠱᠦᠵᠢ᠂ ᠡᠷᠬᠢᠯᠡᠭᠴᠢ ᠸᠠᠩ ᠸᠧᠨ ᡁᠢ ᠳᠤᠭᠤᠶᠢᠯᠠᠩ ᠳᠠᠭᠠᠭᠤᠯᠤᠨ᠂ 4 ᠳ᠋ᠦ᠋ᠭᠡᠷ ᠰᠠᠷ᠎ᠠ ᠶᠢᠨ 24 ᠠᠴᠠ 25 ᠤ ᠡᠳᠦᠷ ᠪᠤᠯᠳᠠᠯ᠎ᠠ ᠤᠯᠠᠭᠠᠨᠬᠠᠳᠠ ᠬᠤᠲᠠ ᠶᠢᠨ ᠵᠦᠩ ᠲᠢᠶᠠᠨ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠶᠢᠨ ᠠᠵᠢᠯ ᠢ ᠥᠷᠨᠢᠭᠦᠯᠪᠡ᠃
1.jpg
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠪᠣᠯᠤᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ᠂ ᠠᠳᠠᠯ ᠠᠬᠤᠢ ᠶᠢᠨ ᠬᠠᠮᠢᠶᠠᠷᠤᠯᠲᠠ ᠪᠣᠯᠤᠨ ᠪᠠᠷᠢᠯᠭ᠎ᠠ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ᠃    ᠸᠠᠩ ᠸᠧᠨ ᡁᠢ᠂ ᠱᠠᠭᠠᠷᠳᠠᠯᠭ᠎ᠠ ᠶᠣᠰᠣᠭᠠᠷ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠰᠢᠨ᠎ᠡ ᠬᠡᠯᠪᠡᠷᠢ ᠶᠢᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ᠂ ᠪᠠᠷᠢᠯᠭ᠎ᠠ ᠶᠢᠨ ᠦᠢᠯᠡᠰ ᠤᠨ ᠠᠵᠤ ᠦᠢᠯᠡᠳᠪᠦᠷᠢᠵᠢᠯᠲᠡ ᠶᠢᠨ ᠪᠣᠬᠢᠷᠲᠤᠯ ᠦᠭᠡᠢ ᠬᠥᠭᠵᠢᠯᠲᠡ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ᠂ ᠠᠳᠠᠯ ᠠᠬᠤᠢ ᠶᠢᠨ ᠠᠵᠤ ᠠᠬᠤᠶᠢᠯᠠᠯ ᠢ ᠲᠡᠰ ᠳᠡᠪᠰᠢᠭᠦᠯᠬᠦ ᠶᠢᠨ ᠲᠣᠭᠤᠷᠢᠨ ᠳᠤ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠬᠠᠩᠭᠠᠵᠤ᠂ ᠠᠵᠢᠯ ᠲᠦᠷᠦᠯ ᠤᠨ ᠬᠥᠭᠵᠢᠯᠲᠡ ᠶᠢᠨ ᠪᠠᠶᠢᠳᠠᠯ ᠪᠠ ᠲᠤᠯᠭᠠᠷᠠᠵᠤ ᠪᠠᠶᠢᠭ᠎ᠠ ᠬᠦᠴᠢᠷᠳᠡᠯ ᠢ ᠵᠠᠳᠠᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠬᠡᠷᠡᠭᠲᠡᠢ᠃ ᠠᠵᠤ ᠠᠬᠤᠶᠢᠯᠠᠯ ᠤᠨ ᠳᠤᠷᠠᠳᠤᠭᠰᠠᠨ ᠬᠦᠴᠢᠷᠳᠡᠯ ᠪᠠ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠡᠬᠡ ᠲᠠᠩᠰᠠ ᠪᠠᠶᠢᠭᠤᠯᠵᠤ᠂ ᠴᠠᠭ ᠲᠤᠬᠠᠶ ᠳᠤᠨᠢ ᠮᠥᠷᠳᠡᠨ ᠰᠢᠢᠳᠪᠦᠷᠢᠯᠡᠵᠦ ᠬᠠᠷᠢᠭᠤᠯᠲᠠ ᠥᠭᠭᠦᠨ᠎ᠡ᠃ ᠠᠵᠤ ᠠᠬᠤᠶᠢᠯᠠᠯ  ᠢ ᠵᠢᠯᠣᠭᠤᠳᠤᠨ ᠦᠷᠭᠦᠯᠵᠢᠯᠡᠨ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ ᠭᠠᠳᠠᠭᠰᠢ ᠭᠠᠷᠬᠤ ᠶᠢ ᠵᠢᠯᠣᠭᠤᠳᠴᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠰᠠᠶᠢᠲᠤᠷ ᠡᠵᠡᠮᠳᠡᠵᠦ᠂ ᠰᠣᠳᠣᠨ ᠢᠨᠵᠧᠨᠧᠷᠢᠩ ᠢ ᠲᠠᠰᠤᠷᠠᠯᠳᠠ ᠦᠭᠡᠢ ᠪᠠᠶᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠨᠡᠶᠢᠭᠡᠮ ᠤᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠬᠡᠬᠦ  ᠬᠡᠷᠡᠭᠲᠡᠢ ᠭᠡᠵᠦ ᠴᠢᠬᠤᠯᠠᠴᠢᠯᠠᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ