ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ︽2023 | ᠣᠨ ᠤ ᠪᠥᠬᠦ ᠣᠷᠣᠨ ᠤ ᠪᠠᠶᠢᠭᠤᠯᠤᠯᠳᠦ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ | ᠨᠣᠪᠰᠢ ᠶᠢ ᠵᠠᠰᠠᠬᠤ ᠠᠵᠢᠯᠯᠠᠭ᠎ᠠ ᠶᠢᠨ ᠲᠥᠰᠦᠯ︾ ︵ᠥᠪᠥᠷ ᠪᠠᠶᠢᠭᠤᠯᠤᠯᠲᠠ ᠲᠣᠰᠬᠤᠨ ﹇2023﹈ 67 ᠳ᠋ᠤᠭᠠᠷ ᠲᠣᠭᠠᠲᠤ᠂ ᠳᠣᠷᠣᠭᠰᠢ ︽ ᠠᠵᠢᠯᠯᠠᠭᠠᠨ ᠤ | ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠪᠠᠷ ᠢᠶᠠᠨ ︽ᠲᠥᠰᠦᠯ︾ ᠤᠨ ᠬᠠᠮᠢᠶ᠎ᠠ ᠪᠥᠬᠦᠶ ᠠᠭᠤᠯᠭ᠎ᠠ ᠶᠢ ᠥᠷᠭᠡᠨ ᠢᠶᠠᠷ | ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ | ᠠᠳᠬᠤᠬᠤ ᠶᠢᠨ ᠲᠥᠯᠥᠭᠡ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠡ᠄ | ᠨᠢᠭᠡ᠂ ᠲᠣᠭᠲᠠᠭᠠᠭᠰᠠᠨ ᠠᠬᠤᠶ ᠪᠠᠶᠢᠳᠠᠯ | ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ | ᠭᠦᠨᠵᠡᠭᠡᠶ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠣᠷᠣᠨ ᠤ ᠪᠠᠶᠢᠭᠤᠯᠤᠯᠳᠦ ᠪᠠᠯᠭᠠᠰᠤᠨ ᠤ ᠠᠮᠢᠳᠤᠷᠠᠯ ᠤᠨ ᠪᠣᠬᠢᠷ ᠤᠰᠤ᠂ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠤᠰᠠᠳᠠ᠂ | ᠲᠣᠰ ︽ᠠᠵᠢᠯᠯᠠᠭᠠᠨ ᠤ ᠲᠥᠰᠦᠯ︾ ᠢ ᠲᠣᠭᠲᠠᠭᠠᠪᠠ᠃ | ᠬᠤᠶᠠᠷ᠂ ᠣᠷᠣᠨ ᠲᠣᠭᠠᠨ ᠤ ᠦᠨᠳᠦᠰᠦᠯᠡᠯ | ︽︿ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭᠠᠨ ᠤ | ᠲᠥᠰᠦᠯ ︵2021 - 2025 ᠣᠨ︶﹀ ᠶᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ | ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠥᠰᠥᠭ ﹇2021﹈ 44 ᠳ᠋ᠦ᠋ᠭᠡᠷ ᠲᠣᠭᠠᠲᠤ︶᠂ ︽ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠵᠡᠷᠭᠡ 6 ᠰᠠᠯᠠᠭ᠎ᠠ ᠮᠥᠴᠢᠷ ᠤᠨ ᠬᠥᠳᠡᠭᠡ ᠲᠣᠰᠬᠤᠨ ᠤ ᠠᠮᠢᠳᠤᠷᠠᠯ ᠤᠨ | ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠶ ᠮᠡᠳᠡᠭᠳᠡᠯ︾ ︵ ᠪᠠᠶᠢᠭᠤᠯᠤᠯᠲᠠ ᠲᠣᠰᠬᠤᠨ ﹇2022﹈ 44 ᠳ᠋ᠦ᠋ᠭᠡᠷ ᠲᠣᠭᠠᠲᠤ︶᠂ ︽︿ᠪᠠᠶᠢᠭᠤᠯᠤᠯᠳᠦ ᠪᠠᠯᠭᠠᠰᠤ ᠶᠢᠨ | ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠠᠬᠢᠭᠤᠯᠬᠤ ᠲᠤᠬᠠᠶ | ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠪᠡᠯᠡ | ﹇2022﹈ 1932 ᠳ᠋ᠤᠭᠠᠷ ᠲᠣᠭᠠᠲᠤ︶᠂ ︽︿ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ | ᠲᠠᠪᠤᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ︵2021 - 2025 ᠣᠨ︶﹀ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︵ᠲᠢᠩᠬᠢᠮ ᠲᠠᠷᠬᠠᠭᠠᠭᠰᠠᠨ ﹇2020﹈ 2 ᠳ᠋ᠤᠭᠠᠷ ᠲᠣᠭᠠᠲᠤ︶ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠢ ᠦᠨᠳᠦᠰᠦᠯᠡᠨ ᠲᠣᠰ ︽ᠠᠵᠢᠯᠯᠠᠭᠠᠨ ᠤ ᠲᠥᠰᠦᠯ︾ ᠢ ᠲᠣᠭᠲᠠᠭᠠᠪᠠ᠃ | ᠭᠤᠷᠪᠠ᠂ ᠠᠵᠢᠯ ᠤᠨ ᠬᠠᠷᠠᠯᠲᠠ | ︽ᠠᠵᠢᠯᠯᠠᠭᠠᠨ ᠤ ᠲᠥᠰᠦᠯ︾ ᠳᠤ 2023 ᠣᠨ ᠤ ᠬᠡᠮᠵᠢᠶᠡᠵᠢᠭᠦᠯᠦᠭᠰᠡᠨ ᠬᠠᠷᠠᠯᠲᠠ ᠶᠢ ᠲᠣᠳᠣᠷᠬᠠᠶᠢᠯᠠᠪᠠ᠃ 2023 ᠣᠨ ᠤ ᠡᠴᠦᠰ ᠪᠣᠯᠬᠤ ᠳᠤ᠂ | ᠪᠥᠬᠦ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠲᠠᠢ ᠪᠠᠶᠢᠭᠤᠯᠤᠯᠳᠦ ᠪᠠᠯᠭᠠᠰᠤ ᠶᠢ 40% ᠠᠴᠠ ᠳᠡᠭᠡᠭᠰᠢ ᠳᠤ ᠬᠦᠷᠦᠭᠦᠯᠵᠦ᠂ | ᠬᠠᠲᠤᠨ ᠭᠤᠤᠯ ᠤᠨ ᠰᠠᠪᠠ ᠭᠠᠵᠠᠷ ᠢ ᠪᠦᠷᠢᠨ ᠪᠦᠷᠬᠦᠭᠦᠯᠬᠦ ᠶᠢ ᠦᠨᠳᠦᠰᠦᠨ ᠳᠤ ᠪᠠᠨ ᠪᠡᠶᠡᠯᠡᠭᠦᠯᠦᠨ᠎ᠡ︔ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢᠨ ᠪᠦᠷᠬᠦᠴᠡ ᠶᠢᠨ ᠨᠣᠷᠮ᠎ᠠ ᠶᠢ 70% ᠠᠴᠠ ᠳᠡᠭᠡᠭᠰᠢ ᠳᠤ | ᠬᠦᠷᠦᠭᠦᠯᠵᠦ᠂ ᠬᠠᠲᠤᠨ ᠭᠤᠤᠯ ᠤᠨ ᠰᠠᠪᠠ ᠭᠠᠵᠠᠷ ᠢ ᠦᠨᠳᠦᠰᠦᠨ ᠳᠤ ᠪᠠᠨ ᠪᠦᠷᠬᠦᠭᠦᠯᠬᠦ ᠶᠢ ᠪᠡᠶᠡᠯᠡᠭᠦᠯᠦᠨ᠎ᠡ᠃ | ᠳᠥᠷᠪᠡ᠂ ᠠᠵᠢᠯ ᠤᠨ ᠡᠭᠦᠷᠭᠡ | ︽ᠠᠵᠢᠯᠯᠠᠭᠠᠨ ᠤ ᠲᠥᠰᠦᠯ︾ ᠨᠢ ᠬᠤᠶᠠᠷ ᠵᠦᠢᠯ ᠤᠨ ᠭᠤᠤᠯᠳᠠᠯᠭ᠎ᠠ ᠲᠠᠢ ᠠᠵᠢᠯ ᠳᠤ ᠬᠤᠯᠪᠣᠭᠳᠠᠵᠤ᠂ ᠡᠭᠦᠨ ᠳᠤ ᠪᠥᠬᠦ ᠣᠷᠣᠨ ᠤ ᠪᠠᠶᠢᠭᠤᠯᠤᠯᠳᠦ | ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠪᠠ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠵᠡᠷᠭᠡ ᠪᠠᠭᠲᠠᠨ᠎ᠠ᠃ | ︽ᠠᠵᠢᠯᠯᠠᠭᠠᠨ ᠤ ᠲᠥᠰᠦᠯ︾ ᠳᠤ᠂ ᠪᠠᠶᠢᠭᠤᠯᠤᠯᠳᠦ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠬᠢᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ ᠨᠢᠭᠡ ᠳᠤ᠂ ᠪᠣᠬᠢᠷ ᠤᠰᠤ ᠶᠢ ᠵᠠᠰᠠᠬᠤ ᠵᠠᠭᠪᠤᠷ ᠢ ᠰᠢᠨᠵᠢᠯᠡᠬᠦ ᠤᠬᠠᠭᠠᠨᠴᠢ ᠪᠠᠷ ᠰᠣᠩᠭᠤᠪᠠ᠃ ᠪᠠᠶᠢᠭᠤᠯᠤᠯᠳᠦ | ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠣᠯᠤᠨ ᠣᠷᠣᠨ ᠪᠠᠶᠢᠷᠢ ᠶᠢᠨ ᠣᠨᠴᠠᠯᠢᠭ ᠶᠣᠰᠣᠭᠠᠷ᠂ ᠪᠠᠶᠢᠭᠤᠯᠤᠯᠳᠦ ᠪᠠᠯᠭᠠᠰᠤ ᠶᠢᠨ | ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠪᠡᠯᠡᠳᠬᠡᠮᠵᠢ ᠶᠢᠨ ᠪᠠᠶᠢᠷᠢᠰᠢᠭᠤᠯᠤᠯ᠂ ᠭᠠᠷ ᠤᠷᠠᠯᠠᠯ᠂ ᠬᠡᠪᠴᠢᠶ᠎ᠡ ᠪᠣᠯᠤᠨ | ᠦᠢᠯᠡᠴᠢᠯᠡᠭᠡᠨ ᠤ ᠬᠡᠪᠴᠢᠶ᠎ᠡ ᠶᠢ ᠵᠦᠢ ᠵᠣᠬᠢᠰᠲᠠᠶ ᠲᠥᠯᠥᠪᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠠᠶᠢᠭᠤᠯᠤᠯᠳᠦ | ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠵᠠᠭᠪᠤᠷ ᠢ ᠰᠣᠩᠭᠤᠬᠤ ᠬᠡᠷᠡᠭᠲᠡᠶ᠃ ᠬᠤᠶᠠᠷ ᠲᠤ᠂ ᠪᠣᠬᠢᠷ ᠤᠰᠤ ᠰᠢᠢᠳᠪᠦᠷᠢᠯᠡᠬᠦ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠡᠯ᠎ᠡ ᠭᠠᠵᠠᠷ ᠤᠨ ᠬᠢᠨ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠪᠠᠶᠢᠭᠤᠯᠤᠯᠳᠦ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠬᠦ ᠬᠡᠷᠡᠭᠲᠡᠢ᠃ ᠭᠤᠷᠪᠠ ᠳᠤ᠂ ᠪᠣᠬᠢᠷ ᠤᠰᠤ ᠶᠢ ᠰᠢᠢᠳᠪᠦᠷᠢᠯᠡᠬᠦ ᠠᠵᠢᠯᠯᠠᠭᠠᠨ ᠤ ᠬᠠᠮᠢᠶᠠᠷᠤᠯᠲᠠ ᠶᠢ | ᠴᠢᠩᠭᠠᠳᠬᠠᠪᠠ᠃ ᠪᠡᠯᠡᠳᠬᠡᠮᠵᠢ ᠶᠢᠨ ᠴᠢᠨᠠᠷ ᠰᠠᠶᠢᠲᠠᠶ ᠪᠥᠲᠥᠭᠡᠨ ᠪᠠᠶᠢᠭᠤᠯᠤᠯᠲᠠ ᠪᠠ ᠥᠨᠳᠥᠷ ᠬᠢᠷᠢ ᠲᠦᠪᠰᠢᠨ ᠪᠥᠬᠦᠶ ᠠᠵᠢᠯᠯᠠᠭᠠᠨ ᠤ ᠬᠠᠮᠠᠭᠠᠯᠠᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠤ ᠰᠢᠰᠲ᠋ᠧᠮᠲᠦ ᠴᠢᠨᠠᠷ ᠪᠠ | ᠲᠣᠭᠲᠠᠪᠤᠷᠢᠲᠤ ᠴᠢᠨᠠᠷ ᠢ ᠦᠨᠡᠨ ᠬᠦ ᠪᠠᠲᠤᠯᠠᠨ᠎ᠠ᠃ ᠳᠥᠷᠪᠡ ᠳᠤ᠂ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ | ᠠᠮᠢᠳᠤᠷᠠᠯ ᠤᠨ ᠪᠣᠬᠢᠷ ᠤᠰᠤ ᠶᠢ ᠳᠠᠬᠢᠨ ᠠᠰᠢᠭᠯᠠᠬᠤ ᠪᠡᠯᠡᠳᠬᠡᠮᠵᠢ᠂ ᠪᠣᠬᠢᠷ ᠰᠢᠪᠠᠷ ᠢ ᠬᠤᠤᠷ ᠦᠭᠡᠶ ᠪᠣᠯᠭᠠᠨ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ ᠂ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠠᠷᠭ᠎ᠠ ᠵᠠᠮ ᠢ ᠥᠷᠭᠡᠳᠬᠡᠵᠦ᠂ ᠪᠣᠬᠢᠷ ᠰᠢᠪᠠᠷ ᠬᠤᠭ ᠨᠣᠪᠰᠢ ᠶᠢ | ᠬᠠᠮᠵᠢᠯᠴᠠᠨ ᠰᠢᠢᠳᠪᠦᠷᠢᠯᠡᠬᠦ ᠶᠢ ᠢᠳᠡᠪᠬᠢᠲᠡᠶ ᠪᠠᠷ ᠳᠡᠯᠭᠡᠷᠡᠭᠦᠯᠵᠦ ᠂ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠬᠡᠷᠡᠭᠲᠡᠶ᠃ | ︽ᠠᠵᠢᠯᠯᠠᠭᠠᠨ ᠤ ᠲᠥᠰᠦᠯ︾ ᠳᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ | ᠲᠣᠳᠣᠷᠬᠠᠶ ᠲᠣᠭᠲᠠᠭᠠᠵᠠᠶ᠃ ᠨᠢᠭᠡ ᠳᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ | ᠪᠠᠯᠭᠠᠰᠤ ᠲᠣᠰᠬᠤᠨ ᠤ ᠲᠠᠷᠬᠠᠯᠲᠠ᠂ ᠵᠠᠰᠠᠭ ᠤᠨ ᠣᠷᠳᠣᠨ ᠤ ᠡᠳ᠋ ᠤᠨ ᠬᠦᠴᠦᠨ᠂ ᠬᠥᠮᠦᠨ ᠠᠮᠠ ᠶᠢᠨ ᠬᠡᠪᠴᠢᠶ᠎ᠡ ᠂ ᠵᠠᠮ ᠬᠠᠷᠢᠯᠴᠠᠭᠠᠨ ᠤ ᠨᠥᠬᠦᠴᠡᠯ᠂ | ᠲᠡᠭᠡᠭᠡᠪᠦᠷᠢ ᠶᠢᠨ ᠵᠠᠶ ᠵᠡᠷᠭᠡ ᠬᠦᠴᠦᠨ ᠵᠦᠢᠯ ᠢ ᠦᠨᠳᠦᠰᠦᠯᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠤᠷᠢᠶᠠᠨ ᠲᠡᠭᠡᠭᠡᠪᠦᠷᠢᠯᠡᠵᠦ | ᠰᠢᠢᠳᠪᠦᠷᠢᠯᠡᠬᠦ ᠵᠠᠭᠪᠤᠷ ᠢ ᠰᠣᠩᠭᠤᠨ᠎ᠠ᠃ ᠬᠤᠶᠠᠷ ᠲᠤ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠢᠶᠠᠷ ᠨᠢᠭᠡᠴᠢ ᠪᠣᠯᠭᠠᠵᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ᠎ᠡ᠃ ᠭᠤᠷᠪᠠ ᠳᠤ᠂ ᠬᠤᠭ ᠨᠣᠪᠰᠢ ᠶᠢ | ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠵᠡᠭᠡᠯᠢ ᠭᠤᠳᠤᠮᠵᠢ᠂ ᠴᠤᠭᠯᠠᠭ᠎ᠠ ᠮᠠᠶᠢᠮᠠᠶ᠂ ᠭᠡᠷ | ᠪᠠᠶᠢᠰᠢᠩ ᠤᠨ ᠡᠮᠦᠨ᠎ᠡ ᠬᠤᠶᠢᠨ᠎ᠠ ᠵᠡᠷᠭᠡ ᠲᠠᠯᠠᠪᠤᠷ ᠵᠢᠴᠢ ᠬᠤᠭ ᠨᠣᠪᠰᠢ ᠴᠤᠭᠯᠠᠭᠤᠯᠬᠤ ᠭᠠᠵᠠᠷ ᠵᠡᠷᠭᠡ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠵᠤ᠂ ᠬᠤᠷᠠᠵᠤ ᠪᠠᠶᠢᠭ᠎ᠠ ᠬᠤᠭ ᠨᠣᠪᠰᠢ ᠶᠢ ᠲᠦᠢᠯᠪᠤᠷᠢᠲᠠᠶ ᠠᠷᠢᠯᠭᠠᠨ᠂ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠬᠠᠤᠯᠢ ᠠᠴᠠ ᠵᠥᠷᠢᠴᠡᠭᠰᠡᠨ | ᠬᠠᠮᠢᠶ᠎ᠠ ᠪᠥᠬᠦᠶ ᠦᠢᠯᠡ ᠠᠵᠢᠯᠯᠠᠭ᠎ᠠ ᠶᠢ ᠰᠢᠢᠳᠭᠡᠨ ᠲᠣᠷᠭᠠᠵᠤ᠂ ᠵᠠᠰᠠᠬᠤ ᠳᠤ ᠢᠯᠡᠳᠲᠡ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠪᠠ᠃ ᠳᠥᠷᠪᠡ ᠳᠤ᠂ | ᠵᠢᠷᠤᠮᠵᠢᠯ ᠦᠭᠡᠢ ᠬᠤᠭ ᠨᠣᠪᠰᠢ ᠣᠪᠣᠭᠠᠯᠠᠬᠤ ᠶᠢ ᠴᠡᠭᠴᠡᠯᠡᠨ ᠵᠠᠰᠠᠬᠤ ᠦᠷ᠎ᠡ ᠪᠦᠲᠦᠭᠡᠯ ᠢ ᠪᠠᠬᠢᠵᠢᠭᠦᠯᠦᠨ᠎ᠡ᠃ ᠬᠤᠭ ᠨᠣᠪᠰᠢ ᠣᠪᠣᠭᠠᠯᠠᠬᠤ ᠭᠠᠵᠠᠷ ᠢ ᠴᠡᠭᠴᠡᠯᠡᠨ | ᠵᠠᠰᠠᠭᠰᠠᠨ ᠤ ᠳᠠᠷᠠᠭᠠᠬᠢ ᠲᠠᠯᠠᠪᠤᠷ ᠭᠠᠵᠠᠷ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠵᠢᠷᠤᠮᠵᠢᠯ ᠦᠭᠡᠢ ᠬᠤᠭ ᠨᠣᠪᠰᠢ ᠣᠪᠣᠭᠠᠯᠠᠬᠤ ᠴᠡᠭ ᠢ | ᠴᠡᠭᠴᠡᠯᠡᠨ ᠵᠠᠰᠠᠵᠤ ︽ᠡᠷᠬᠢᠨ ᠬᠠᠷᠠᠬᠤ︾ ᠠᠵᠢᠯ ᠢ ᠴᠠᠭ ᠲᠤᠬᠠᠢ ᠲᠤᠨᠢ ᠳᠣᠭᠢᠷᠠᠭᠤᠯᠤᠨ ᠥᠷᠨᠢᠭᠦᠯᠵᠦ᠂ ᠴᠡᠭᠴᠡᠯᠡᠨ ᠵᠠᠰᠠᠭᠰᠠᠨ ᠤ ᠳᠠᠷᠠᠭ᠎ᠠ ᠰᠢᠨ᠎ᠡ ᠪᠠᠷ ᠪᠣᠶ | ᠪᠣᠯᠤᠭᠰᠠᠨ ᠪᠣᠬᠢᠷᠲᠤᠯ ᠪᠤᠶᠤ ᠠᠮᠤᠷ ᠲᠦᠪᠰᠢᠨ ᠤ ᠳᠠᠯᠳᠠ ᠬᠡᠮ ᠢ ᠡᠷᠡᠰ ᠴᠡᠭᠴᠡᠯᠡᠨ ᠰᠠᠶᠢᠵᠢᠷᠠᠭᠤᠯᠤᠨ᠎ᠠ᠃ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠵᠢᠷᠤᠮᠵᠢᠯ ᠦᠭᠡᠢ ᠬᠤᠭ ᠨᠣᠪᠰᠢ ᠣᠪᠣᠭᠠᠯᠠᠬᠤ ᠴᠡᠭ ᠢ ᠰᠢᠨ᠎ᠡ ᠪᠠᠷ ᠨᠡᠮᠡᠭᠳᠡᠭᠦᠯᠬᠦ ᠶᠢ ᠰᠡᠷᠭᠡᠶᠢᠯᠡᠨ ᠬᠤᠷᠢᠭᠯᠠᠨ᠎ᠠ᠃ ᠲᠠᠪᠤ ᠳᠤ᠂ ᠬᠤᠭ | ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ | ᠨᠣᠪᠰᠢ ᠶᠢ ᠡᠬᠢ ᠡᠭᠦᠰᠦᠯ ᠠᠴᠠ ᠨᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠰᠠᠶᠢᠲᠤᠷ ᠠᠳᠬᠤᠨ᠎ᠠ᠃ ᠬᠤᠭ ᠨᠣᠪᠰᠢ ᠶᠢ ᠲᠥᠷᠥᠯ | ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠳᠥᠭᠦᠮ ᠳᠥᠲᠡ ᠪᠥᠭᠡᠳ ᠬᠤᠭ ᠨᠣᠪᠰᠢ ᠶᠢ | ᠲᠥᠷᠥᠯ ᠬᠤᠪᠢᠶᠠᠨ ᠰᠢᠢᠳᠪᠦᠷᠢᠯᠡᠬᠦ ᠵᠠᠭᠪᠤᠷ ᠪᠠ ᠡᠬᠢ ᠪᠠᠶᠠᠯᠢᠭᠵᠢᠭᠤᠯᠤᠨ ᠠᠰᠢᠭᠯᠠᠬᠤ ᠠᠷᠭ᠎ᠠ ᠶᠢ ᠠᠬᠢᠭᠤᠯᠤᠨ᠎ᠠ᠃ | ︵ᠲᠠᠶᠢᠯᠪᠤᠷᠢᠯᠠᠭᠴᠢ᠄ ᠢᠦᠶ ᠸᠧᠨ ᠵᠢᠩ ᠬᠠᠷᠢᠯᠴᠠᠬᠤ ᠠᠷᠭ᠎ᠠ ᠬᠡᠯᠪᠡᠷᠢ᠄ 0471 — 6945781︶ | |