ᠪᠠᠷᠢᠯᠭ᠎ᠠ ᠶᠢᠨ ᠠᠵᠢᠯᠴᠢᠨ ᠤ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠤᠨ ᠭᠤᠶᠤᠴᠢᠯᠠᠯ ᠢ | ᠦᠨᠳᠦᠰᠦᠯᠡᠨ᠂ ᠰᠢᠯᠭᠠᠯᠲᠠ ᠪᠠᠷ ᠳᠠᠮᠵᠢᠨ ᠡᠳᠦᠭᠡ ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠢᠯ | ᠡᠷᠭᠢᠯᠡᠭᠰᠡᠳ ᠤᠨ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ︵V2.0︶ ︵ᠳᠣᠷᠣᠭᠰᠢ ᠦᠨᠡᠨ | ᠨᠡᠷ᠎ᠡ ᠶᠢᠨ ᠳᠦᠷᠢᠮ ᠤᠨ ᠲᠠᠪᠴᠠᠩ ᠭᠡᠵᠦ ᠲᠣᠪᠴᠢᠯᠠᠨ᠎ᠠ︶ ᠲᠠᠢ ᠵᠣᠯᠭᠠᠭᠤᠯᠤᠨ ᠬᠡᠮᠵᠢᠨ ᠰᠢᠯᠭᠠᠭᠠᠳ ᠠᠮᠵᠢᠯᠲᠠ ᠣᠯᠤᠭᠰᠠᠨ ᠠᠵᠢᠯ ᠳᠤ ᠭᠠᠷᠬᠤ ᠶᠢ ᠲᠡᠮᠳᠡᠭᠯᠡᠬᠦ | ᠲᠥᠬᠦᠭᠡᠷᠦᠮᠵᠢ ᠶᠢᠨ ᠦᠢᠯᠡᠳᠪᠦᠷᠢᠯᠡᠯ ᠤᠨ ᠦᠢᠯᠡᠳᠪᠦᠷᠢ ᠬᠤᠳᠠᠯᠳᠤᠭ᠎ᠠ ᠶᠢᠨ ᠨᠡᠷᠡᠰ ᠢ ᠨᠡᠶᠢᠲᠡᠯᠡᠶ᠎ᠡ ︵ᠪᠣᠳᠠᠲᠠᠶ ᠨᠡᠷᠡᠰ ᠢ ᠳᠠᠭᠠᠯᠳᠤᠭᠤᠯᠤᠯ ᠳᠤ ᠦᠵᠡ︶᠃ | ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠲᠤᠰ ᠠᠯᠪᠠᠨ ᠵᠠᠷ ᠲᠤ ᠨᠡᠶᠢᠲᠡᠯᠡᠭᠰᠡᠨ ᠠᠵᠢᠯ ᠳᠤ ᠭᠠᠷᠬᠤ ᠶᠢ ᠲᠡᠮᠳᠡᠭᠯᠡᠬᠦ ᠲᠥᠬᠦᠭᠡᠷᠦᠮᠵᠢ ᠶᠢᠨ | ᠦᠢᠯᠡᠳᠪᠦᠷᠢᠯᠡᠯ ᠤᠨ ᠦᠢᠯᠡᠳᠪᠦᠷᠢ ᠬᠤᠳᠠᠯᠳᠤᠭ᠎ᠠ ᠶᠢᠨ ᠬᠠᠮᠢᠶ᠎ᠠ ᠪᠦᠬᠦᠢ ᠬᠡᠯᠪᠡᠷᠢ ᠮᠠᠶ᠋ᠢᠭ ᠤᠨ ᠠᠵᠢᠯ ᠳᠤ ᠭᠠᠷᠬᠤ ᠶᠢ ᠲᠡᠮᠳᠡᠭᠯᠡᠬᠦ ᠲᠥᠬᠦᠭᠡᠷᠦᠮᠵᠢ ᠶᠢ ᠡᠵᠡᠨ ᠮᠡᠳᠡᠨ | ᠬᠤᠳᠠᠯᠳᠤᠨ ᠠᠪᠴᠤ ᠬᠡᠷᠡᠭᠯᠡᠵᠦ ᠪᠣᠯᠤᠨ᠎ᠠ᠃ | ᠮᠠᠨ ᠤ ᠲᠢᠩᠬᠢᠮ ᠠᠴᠠ ᠠᠵᠢᠯ ᠳᠤ ᠭᠠᠷᠬᠤ ᠶᠢ ᠲᠡᠮᠳᠡᠭᠯᠡᠬᠦ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠦᠢᠯᠡᠳᠪᠦᠷᠢ ᠬᠤᠳᠠᠯᠳᠤᠭ᠎ᠠ ᠶᠢᠨ ᠭᠤᠶᠤᠴᠢᠯᠠᠯ | ᠵᠢᠴᠢ ᠦᠨᠡᠨ ᠨᠡᠷ᠎ᠡ ᠶᠢᠨ ᠳᠦᠷᠢᠮ ᠤᠨ ᠲᠠᠪᠴᠠᠩ ᠤᠨ ᠰᠢᠯᠭᠠᠯᠲᠠ ᠶᠢᠨ ᠪᠠᠶᠢᠳᠠᠯ ᠢ ᠦᠨᠳᠦᠰᠦᠯᠡᠨ᠂ ᠠᠵᠢᠯ ᠳᠤ ᠭᠠᠷᠬᠤ ᠶᠢ ᠲᠡᠮᠳᠡᠭᠯᠡᠬᠦ ᠲᠥᠬᠦᠭᠡᠷᠦᠮᠵᠢ ᠶᠢᠨ | ᠦᠢᠯᠡᠳᠪᠦᠷᠢᠯᠡᠯ ᠤᠨ ᠦᠢᠯᠡᠳᠪᠦᠷᠢ ᠬᠤᠳᠠᠯᠳᠤᠭ᠎ᠠ ᠶᠢᠨ ᠨᠡᠷᠡᠰ ᠢ ᠴᠠᠭ ᠲᠤᠬᠠᠶ ᠳᠤ ᠨᠢ ᠨᠡᠶᠢᠲᠡᠯᠡᠨ᠎ᠡ᠃ | ᠮᠠᠨ ᠤ ᠣᠷᠣᠨ ᠳᠤ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠠᠷᠢᠯᠭ᠎ᠠ ᠶᠢᠨ ᠦᠢᠯᠡᠰ ᠢ ᠳᠠᠭᠠᠭᠠᠴᠢᠯᠠᠨ ᠬᠢᠬᠦ ᠠᠵᠤ | ᠠᠬᠤᠶᠢᠯᠠᠯ ᠤᠨ ᠬᠡᠷᠡᠭᠯᠡᠬᠦ ᠠᠵᠢᠯ ᠳᠤ ᠭᠠᠷᠬᠤ ᠶᠢ ᠲᠡᠮᠳᠡᠭᠯᠡᠬᠦ ᠲᠥᠬᠦᠭᠡᠷᠦᠮᠵᠢ ᠨᠢ ᠡᠷᠬᠡᠪᠰᠢ ᠦᠨᠡᠨ ᠨᠡᠷ᠎ᠡ ᠶᠢᠨ ᠳᠦᠷᠢᠮ ᠤᠨ ᠲᠠᠪᠴᠠᠩ ︵V2.0︶ ᠳᠡᠭᠡᠷ᠎ᠡ | ᠠᠵᠢᠯ ᠳᠤ ᠭᠠᠷᠤᠭᠰᠠᠨ ᠲᠤᠭ᠎ᠠ ᠪᠠᠷᠢᠮᠲᠠ ᠶᠢ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠶ ᠳᠤᠨᠢ ᠣᠷᠣᠭᠤᠯᠵᠤ ᠳᠡᠶᠢᠯᠬᠦ ᠬᠡᠷᠡᠭᠲᠡᠶ᠃ | ᠡᠭᠦᠨ ᠳᠤ ᠣᠨᠴᠠᠭᠠᠶᠢᠯᠠᠨ ᠵᠠᠷᠯᠠᠪᠠ ᠃ | | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠢᠯ ᠡᠷᠭᠢᠯᠡᠭᠰᠡᠳ ᠤᠨ ᠦᠨᠡᠨ ᠨᠡᠷ᠎ᠡ ᠶᠢᠨ ᠳᠦᠷᠢᠮ ᠤᠨ | ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ︵V2.0︶ ᠲᠠᠢ ᠵᠣᠯᠭᠠᠭᠤᠯᠤᠨ ᠬᠡᠮᠵᠢᠨ ᠰᠢᠯᠭᠠᠭᠠᠳ ᠠᠮᠵᠢᠯᠲᠠ ᠣᠯᠤᠭᠰᠠᠨ ᠠᠵᠢᠯ ᠳᠤ | ᠭᠠᠷᠬᠤ ᠶᠢ ᠲᠡᠮᠳᠡᠭᠯᠡᠬᠦ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠦᠢᠯᠡᠳᠪᠦᠷᠢ ᠬᠤᠳᠠᠯᠳᠤᠭ᠎ᠠ ᠶᠢᠨ ᠨᠡᠷᠡᠰ ︵ᠬᠤᠶᠠᠳᠤᠭᠠᠷ ᠪᠦᠯᠦᠭ︶ | | |