ᠣᠷᠳᠣᠰ ᠬᠤᠲᠠ ᠨᠢᠭᠡᠨᠲᠡ ᠪᠠᠶᠢᠭ᠎ᠠ ᠪᠠᠷᠢᠯᠭ᠎ᠠ ᠶᠢᠨ ᠬᠡᠷᠡᠭᠯᠡᠭᠡᠨ ᠤ ᠴᠢᠳᠠᠮᠵᠢ ᠶᠢ ᠬᠤᠪᠢᠷᠠᠭᠤᠯᠬᠤ ᠭᠠᠯ ᠰᠡᠷᠭᠡᠶᠢᠯᠡᠨ ᠤᠨᠳᠠᠷᠠᠭᠠᠬᠤ ᠬᠢᠨᠠᠨ ᠰᠢᠯᠭᠠᠬᠤ ᠳᠠᠷᠤᠭᠠᠰᠤ ᠶᠢ ᠬᠥᠩᠭᠡᠷᠡᠭᠦᠯᠬᠦ ᠰᠢᠨ᠎ᠡ ᠠᠷᠭ᠎ᠠ ᠬᠡᠮᠵᠢᠶ᠎ᠡ ᠨᠡᠶᠢᠳᠡᠯᠡᠪᠡ
ᠨᠡᠶᠢᠲᠡᠯᠡᠭᠰᠡᠨ ᠴᠠᠭ᠄
2023/4/3
   ᠣᠷᠳᠣᠰ ᠬᠤᠲᠠ ᠶᠢᠨ ᠨᠢᠭᠡᠨᠲᠡ ᠪᠠᠶᠢᠭ᠎ᠠ ᠪᠠᠷᠢᠯᠭ᠎ᠠ ᠶᠢᠨ ᠬᠡᠷᠡᠭᠯᠡᠭᠡᠨ ᠤ ᠴᠢᠳᠠᠮᠵᠢ ᠶᠢ ᠬᠤᠪᠢᠷᠠᠭᠤᠯᠬᠤ ᠲᠥᠯᠦᠪᠵᠢᠭᠦᠯᠭᠡ ᠶᠢ ᠨᠤᠲᠠᠯᠠᠬᠤ ᠪᠠ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠴᠤ ᠳᠠᠩᠰᠠᠯᠠᠬᠤ ᠠᠵᠢᠯ ᠤᠨ ᠳᠡᠰ ᠳᠠᠷᠠᠭ᠎ᠠ ᠶᠢ ᠵᠢᠷᠤᠮᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠢᠳᠠᠪᠤᠷᠢ ᠶᠢ ᠲᠡᠭᠡᠭᠰᠢᠯᠡᠬᠦᠯᠬᠦ ᠶᠢᠨ ᠲᠦᠯᠦᠭᠡ᠂ ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠠ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠠᠮᠲᠤᠷᠠᠨ ︽ᠣᠷᠳᠣᠰ ᠬᠤᠲᠠ ᠶᠢᠨ ᠨᠢᠭᠡᠨᠲᠡ ᠪᠠᠶᠢᠭ᠎ᠠ ᠪᠠᠷᠢᠯᠭ᠎ᠠ ᠶᠢᠨ ᠬᠡᠷᠡᠭᠯᠡᠬᠦ ᠴᠢᠳᠠᠮᠵᠢ ᠶᠢ ᠬᠤᠪᠢᠷᠠᠭᠤᠯᠤᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠪᠠᠷ ᠭᠤᠶᠤᠴᠢᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃   ᠲᠣᠰ ︽ᠮᠡᠳᠡᠭᠳᠡᠯ︾ ᠨᠢ ᠬᠤᠲᠠ ᠶᠢᠨ ᠰᠢᠨᠡᠴᠢᠯᠡᠯᠲᠡ ᠶᠢᠨ ᠳᠤᠮᠳᠠᠬᠢ ᠨᠢᠭᠡᠨᠲᠡ ᠪᠠᠶᠢᠭ᠎ᠠ ᠪᠠᠷᠢᠯᠭ᠎ᠠ ᠶᠢᠨ ᠬᠡᠷᠡᠭᠯᠡᠬᠦ ᠴᠢᠳᠠᠮᠵᠢ ᠶᠢ ᠪᠠᠶᠢᠨ ᠳᠠᠬᠢᠨ ᠬᠤᠪᠢᠷᠠᠭᠤᠯᠵᠤ ᠪᠠᠶᠢᠭ᠎ᠠ ᠶᠢ ᠮᠠᠭᠠᠳᠯᠠᠨ ᠲᠣᠭᠲᠠᠭᠠᠬᠤ ᠪᠡᠷᠬᠡ ᠰᠡᠳᠦᠪ ᠢ ᠰᠢᠢᠳᠪᠦᠷᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠪᠥᠭᠡᠳ ᠣᠷᠳᠣᠰ ᠬᠤᠲᠠ ᠶᠢᠨ ᠬᠤᠲᠠ ᠶᠢᠨ ᠰᠢᠨᠡᠴᠢᠯᠡᠯᠲᠡ ᠶᠢ ᠲᠦᠷᠭᠡᠳᠬᠡᠬᠦ᠂ ᠦᠯᠡᠳᠡᠭᠡᠯ ᠪᠠᠷᠢᠯᠭ᠎ᠠ ᠶᠢ ᠪᠦᠲᠦᠮᠵᠢᠲᠡᠶ ᠠᠮᠢᠳᠤᠯᠢᠭ ᠪᠣᠯᠭᠠᠬᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠬᠦ ᠪᠣᠯᠣᠨ᠎ᠠ᠃   ︽ᠮᠡᠳᠡᠭᠳᠡᠯ︾ ᠳᠤ᠂ ᠭᠤᠣᠯᠳᠠᠭᠤ ᠵᠥᠪ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠪᠠ ᠰᠠᠯᠠᠭ᠎ᠠ ᠮᠥᠴᠢᠷ ᠤᠨ ᠬᠤᠭᠤᠷᠣᠨᠳᠤ ᠪᠠᠨ ᠬᠠᠷᠢᠯᠴᠠᠨ ᠮᠡᠳᠡᠷᠡᠬᠦ ᠠᠷᠭ᠎ᠠ ᠮᠠᠶ᠋ᠢᠭ ᠢ ᠠᠰᠢᠭᠯᠠᠨ᠂ ᠣᠷᠳᠣᠰ ᠬᠤᠲᠠ ᠶᠢᠨ ᠨᠢᠭᠡᠨᠲᠡ ᠪᠠᠶᠢᠭ᠎ᠠ ᠪᠠᠷᠢᠯᠭ᠎ᠠ ᠶᠢᠨ ᠴᠢᠳᠠᠮᠵᠢ ᠶᠢᠨ ᠬᠤᠪᠢᠷᠠᠯᠲᠠ ᠶᠢ ᠮᠠᠭᠠᠳᠯᠠᠨ ᠲᠣᠭᠲᠠᠭᠠᠬᠤ ᠲᠠᠰ ᠳᠠᠷᠠᠭᠠᠯᠠᠯ ᠢ ᠳᠥᠭᠦᠮᠴᠢᠯᠡᠵᠦ᠂ ᠬᠠᠮᠤᠭ ᠤᠨ ᠶᠡᠭᠡ ᠬᠡᠮᠵᠢᠶ᠎ᠡ ᠪᠠᠷ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠭᠠᠯ ᠤᠨ ᠰᠡᠷᠭᠡᠶᠢᠯᠡᠯᠲᠡ ᠶᠢᠨ ᠬᠢᠨᠠᠨ ᠰᠢᠯᠭᠠᠬᠤ ᠠᠵᠢᠯ ᠤᠨ ᠳᠠᠷᠤᠭᠠᠰᠤ ᠶᠢ ᠬᠥᠩᠭᠡᠯᠡᠵᠦ᠂ ᠠᠷᠠᠳ ᠲᠤ ᠲᠥᠬᠦᠮ ᠦᠵᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠵᠣᠷᠢᠯᠭ᠎ᠠ ᠳᠤ ᠭᠦᠷᠦᠭᠰᠡᠨ ᠪᠠᠶᠢᠨ᠎ᠠ᠃   ᠲᠠᠷᠠᠭᠠᠴᠢ ᠶᠢᠨ ᠱᠠᠲᠤᠨ ᠳᠤ᠂ ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ︽ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠴᠢᠩᠭᠠᠳᠬᠠᠬᠤ ᠶᠢᠨ ᠬᠠᠮᠲᠤ᠂ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠳᠤ ᠴᠢᠭᠯᠡᠭᠦᠯᠦᠨ᠂ ᠴᠠᠭ ᠲᠤᠬᠠᠢ ᠳᠤᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠳᠤᠯᠤᠨ ᠲᠣᠬᠢᠷᠠᠭᠤᠯᠵᠤ᠂ ᠠᠭᠤᠯᠭ᠎ᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠲᠡᠭᠦᠨ ᠢ ᠨᠠᠩ ᠰᠢᠨᠵᠢᠯᠡᠬᠦ ᠤᠬᠠᠭᠠᠨᠴᠢ ᠴᠢᠨᠠᠷ᠂ ᠬᠡᠷᠡᠭᠯᠡᠭᠡᠨ ᠤ ᠴᠢᠨᠠᠷ ᠪᠠ ᠬᠥᠭᠵᠢᠯᠲᠡ ᠶᠢᠨ ᠴᠢᠨᠠᠷ ᠲᠠᠢ ᠪᠣᠯᠭᠠᠨ᠎ᠠ᠃    
ᠢᠷᠡᠯᠲᠡ᠄ ᠣᠷᠳᠣᠰ ᠬᠣᠲᠠ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠢᠩᠬᠢᠮ