ᠬᠥᠬᠡᠬᠤᠲᠠ ᠶᠢᠨ 50 ᠥᠷᠯᠥᠭᠡ ᠶᠢᠨ ᠵᠠᠬ᠎ᠠ᠂ ᠰᠥᠨᠢ ᠶᠢᠨ ᠵᠠᠬ᠎ᠠ᠂ ᠭᠠᠷᠠᠭ ᠤᠨ ᠰᠡᠭᠦᠯᠴᠢ ᠶᠢᠨ ᠴᠤᠭᠯᠠᠭ᠎ᠠ ᠮᠠᠶᠢᠮᠠᠶ ᠤᠳᠠᠯ ᠥᠬᠡᠶ ᠨᠡᠭᠡᠭᠡᠬᠦ ᠪᠠᠷ ᠪᠣᠶ
ᠨᠡᠶᠢᠲᠡᠯᠡᠭᠰᠡᠨ ᠴᠠᠭ᠄
2023/4/4
  ᠬᠤᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠶ ᠶᠢᠨ ᠲᠦᠷᠭᠡᠨ ᠪᠥᠭᠡᠳ ᠲᠣᠭᠲᠠᠭᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠰᠢᠨ᠎ᠡ ᠱᠠᠭᠠᠷᠳᠠᠯᠭ᠎ᠠ ᠶᠣᠰᠣᠭᠠᠷ ᠬᠥᠬᠡᠬᠤᠲᠠ ᠶᠢᠨ ᠬᠤᠲᠠ ᠶᠢᠨ ᠬᠠᠮᠢᠶᠠᠷᠤᠯᠲᠠ  ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠬᠥᠬᠡᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠤᠲᠠ ᠶᠢᠨ ᠠᠮᠢᠳᠤᠷᠠᠯ ᠤᠨ ᠠᠭᠤᠷ ᠠᠮᠢᠰᠬᠤᠯ ᠢ ᠬᠥᠭᠵᠢᠭᠡᠬᠦ ᠠᠵᠢᠯ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠬᠠᠷᠢᠶ᠎ᠠ ᠣᠷᠣᠨ ᠤ ᠵᠠᠮ ᠬᠠᠷᠢᠯᠴᠠᠭ᠎ᠠ᠂ ᠬᠥᠮᠦᠨ ᠤ ᠤᠷᠤᠰᠬᠠᠯ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ ᠪᠥᠬᠦ ᠬᠤᠲᠠ ᠶᠢᠨ ᠬᠡᠪᠴᠢᠶᠡᠨ ᠳᠤ ᠥᠷᠯᠥᠭᠡ ᠶᠢᠨ ᠵᠠᠬ᠎ᠠ᠂ ᠰᠥᠨᠢ ᠶᠢᠨ ᠵᠠᠬ᠎ᠠ᠂ ᠭᠠᠷᠠᠭ ᠤᠨ ᠰᠡᠭᠦᠯᠴᠢ ᠶᠢᠨ ᠴᠤᠭᠯᠠᠭ᠎ᠠ ᠮᠠᠶᠢᠮᠠᠶ ᠶᠢ ᠠᠯᠬᠤᠮ ᠠᠯᠬᠤᠮ ᠢᠶᠠᠷ 50 ᠶᠢ ᠨᠡᠭᠡᠭᠡᠬᠦ ᠪᠠᠷ ᠪᠣᠯᠵᠤ᠂ ᠡᠭᠦᠨ  ᠳᠤ ᠰᠢᠨ᠎ᠡ ᠬᠤᠲᠠ ᠲᠣᠭᠤᠷᠢᠭ ᠲᠤ 13᠂ ᠬᠤᠲᠣᠩ ᠠᠷᠠᠳ ᠤᠨ ᠲᠣᠭᠤᠷᠢᠭ ᠲᠤ11᠂ ᠢᠣᠢ ᠴᠢᠤᠸᠠᠨ ᠲᠣᠭᠤᠷᠢᠭ ᠲᠤ11᠂ ᠰᠠᠶᠢᠬᠠᠨ ᠲᠣᠭᠤᠷᠢᠭ ᠲᠤ 13᠂  ᠶᠢᠨ ᠴᠤᠸᠠᠨ᠂ ᠷᠦ᠋ ᠢ ᠨᠡᠭᠡᠭᠡᠯᠲᠡ ᠶᠢᠨ ᠲᠣᠭᠤᠷᠢᠭ ᠲᠤ ᠲᠣᠰ ᠪᠦᠷᠢ 1 ᠶᠢ ᠨᠡᠭᠡᠭᠡᠨ᠎ᠡ᠃  ᠵᠠᠬ᠎ᠠ ᠨᠡᠭᠡᠭᠡᠭᠰᠡᠨ ᠤ ᠳᠠᠷᠠᠭ᠎ᠠ ᠵᠠᠬ᠎ᠠ ᠳᠡᠯᠭᠡᠭᠦᠷ ᠲᠤ ᠣᠷᠣᠬᠤ ᠡᠵᠡᠩᠨᠡᠭᠴᠢ ᠶᠢ ᠬᠤᠭ ᠨᠣᠪᠰᠢ ᠬᠤᠷᠢᠶᠠᠨ ᠴᠤᠭᠯᠠᠭᠤᠯᠬᠤ ᠰᠠᠪᠠ ᠵᠢᠴᠢ ᠱᠦᠭᠦᠷᠳᠡᠨ ᠴᠡᠪᠡᠷᠯᠡᠬᠦ ᠪᠠᠭᠠᠵᠢ ᠬᠡᠷᠡᠭᠰᠡᠯ ᠢᠶᠠᠨ ᠥᠪᠡᠷ ᠢᠶᠠᠨ ᠪᠡᠯᠡᠳᠬᠡᠵᠦ᠂ ︽ᠪᠣᠯᠪᠠᠰᠤᠨ ᠡᠵᠡᠩᠨᠡᠯᠲᠡ ᠶᠢᠨ ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠤᠬᠤ ᠶᠢ ᠱᠠᠭᠠᠷᠳᠠᠵᠤ᠂ ᠲᠣᠭᠲᠠᠭᠠᠭᠰᠠᠨ ᠡᠵᠡᠩᠨᠡᠬᠦ ᠭᠠᠵᠠᠷ᠂ ᠬᠡᠪᠴᠢᠶ᠎ᠡ᠂ ᠴᠠᠭ  ᠢ ᠴᠢᠩᠭ᠎ᠠ ᠵᠢᠷᠤᠮᠯᠠᠨ ᠡᠵᠡᠩᠨᠡᠵᠦ᠂ ᠬᠤᠳᠬᠤᠯᠳᠤᠭᠤᠯᠵᠤ ᠡᠵᠡᠩᠨᠡᠵᠦ ᠪᠣᠯᠬᠤ ᠦᠭᠡᠶ᠂ ᠳᠤᠷ᠎ᠠ ᠪᠠᠷ ᠢᠶᠠᠨ ᠡᠵᠡᠩᠨᠡᠬᠦ ᠴᠡᠭ ᠢᠶᠠᠨ ᠰᠢᠯᠵᠢᠭᠦᠯᠵᠦ᠂ ᠡᠵᠡᠩᠨᠡᠬᠦ ᠲᠠᠯᠠᠪᠠᠶ ᠪᠠᠨ ᠥᠷᠭᠡᠳᠬᠡᠵᠦ ᠪᠣᠯᠬᠤ ᠦᠭᠡᠶ᠃ ᠡᠭᠦᠨ ᠤ ᠬᠠᠮᠲᠤ᠂ ᠥᠷᠯᠥᠭᠡ ᠰᠥᠨᠢ ᠶᠢᠨ ᠵᠠᠬ᠎ᠠ  ᠶᠢᠨ ᠳᠡᠯᠭᠡᠭᠡ ᠮᠠᠶᠢᠮᠠᠢ ᠶᠢᠨ ᠴᠡᠭ᠂ ᠲᠣᠭᠤᠷᠢᠭ ᠤᠨ ᠡᠷᠡᠭᠦᠯ ᠬᠠᠮᠠᠭᠠᠯᠠᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠬᠡᠨ ᠡᠵᠡᠩᠨᠡᠪᠡᠯ ᠬᠡᠨ ᠬᠠᠷᠢᠭᠤᠴᠠᠬᠤ ᠵᠠᠷᠴᠢᠮ ᠶᠣᠰᠣᠭᠠᠷ ᠳᠡᠯᠭᠡᠭᠡ ᠮᠠᠶᠢᠮᠠᠢ ᠶᠢᠨ ᠴᠡᠭ᠂ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠠᠭ ᠲᠤᠬᠠᠶ ᠳᠤᠨᠢ ᠭᠦᠢᠴᠡᠳᠬᠡᠬᠦ ᠬᠡᠷᠡᠭᠲᠡᠢ ᠪᠥᠭᠡᠳ ᠰᠠᠶᠢᠲᠤᠷ ᠪᠠᠲᠤᠯᠠᠵᠤ᠂ ᠳᠠᠷᠤᠶᠢᠬᠠᠨ ᠦᠶᠯᠡᠳᠪᠦᠷᠢᠯᠡᠵᠦ ᠳᠠᠷᠤᠶᠢᠬᠠᠨ ᠴᠡᠪᠡᠷᠯᠡᠵᠦ᠂ ᠮᠠᠶᠢᠮᠠᠶ ᠲᠠᠷᠬᠠᠬᠤ ᠳᠤ ᠭᠠᠵᠠᠷ ᠴᠡᠪᠡᠷ ᠪᠠᠶᠢᠬᠤ ᠬᠡᠷᠡᠭᠲᠡᠶ᠃ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ︽ᠳᠡᠯᠭᠡᠭᠡ ᠮᠠᠶᠢᠮᠠᠢ ᠶᠢᠨ ᠭᠠᠵᠠᠷ ᠤᠨ ᠵᠢᠷᠤᠭ︾ ᠢ ᠲᠣᠭᠲᠠᠭᠠᠨ ᠨᠡᠶᠢᠲᠡᠯᠡᠵᠦ᠂ ᠣᠷᠣᠨ ᠪᠦᠰᠡ ᠶᠢᠨ ᠪᠠᠶᠢᠷᠢᠰᠢᠯ᠂ ᠵᠡᠭᠡᠯᠢ ᠭᠤᠳᠤᠮᠵᠢ ᠶᠢᠨ ᠲᠥᠷᠥᠯ ᠠᠩᠭᠢᠯᠠᠯ᠂ ᠵᠠᠮ ᠬᠠᠷᠢᠯᠴᠠᠭᠠᠨ ᠤ ᠪᠠᠶᠢᠳᠠᠯ ᠢ ᠦᠨᠳᠦᠰᠦᠯᠡᠨ᠂ ᠨᠡᠭᠦᠳᠡᠯ ᠬᠤᠳᠠᠯᠳᠤᠭᠠᠴᠢᠨ ᠤ ᠡᠵᠡᠩᠨᠡᠯᠲᠡ ᠶᠢ ᠬᠤᠷᠢᠭᠯᠠᠬᠤ ᠣᠷᠣᠨ᠂ ᠴᠠᠭ ᠬᠢᠵᠠᠭᠠᠷᠯᠠᠬᠤ ᠡᠵᠡᠩᠨᠡᠯᠲᠡ ᠶᠢᠨ ᠣᠷᠣᠨ ᠪᠠ ᠡᠵᠡᠩᠨᠡᠯᠲᠡ  ᠶᠢ ᠵᠥᠪᠰᠢᠶᠡᠷᠡᠬᠦ ᠣᠷᠣᠨ ᠢ ᠵᠦᠶ ᠵᠣᠬᠢᠰᠲᠠᠶ ᠵᠠᠭᠠᠭᠯᠠᠨ ᠲᠣᠭᠲᠠᠭᠠᠵᠤ᠂ ᠨᠡᠭᠡᠭᠡᠯᠲᠡ  ᠲᠠᠢ ᠡᠵᠡᠩᠨᠡᠯᠲᠡ ᠶᠢᠨ ᠣᠷᠣᠨ ᠪᠠᠶᠢᠷᠢ ᠶᠢ ᠲᠣᠳᠣᠷᠬᠠᠶ ᠰᠣᠩᠭᠤᠨ ᠲᠣᠭᠲᠠᠭᠠᠵᠤ᠂ ᠨᠡᠭᠦᠳᠡᠯ ᠬᠤᠳᠠᠯᠳᠤᠭᠠᠴᠢᠨ ᠤ ᠡᠵᠡᠩᠨᠡᠬᠦ ᠭᠠᠵᠠᠷ ᠡᠷᠢᠬᠦ ᠳᠤ ᠲᠥᠬᠦᠮ ᠦᠵᠡᠭᠦᠯᠬᠦ ᠶᠢ ᠱᠠᠭᠠᠷᠳᠠᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠣᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ