ᠣᠷᠳᠣᠰ ᠬᠤᠲᠠ ᠨᠢ ᠬᠦᠷᠪᠡᠯᠵᠡᠨ ᠤᠷᠤᠰᠤᠭᠰᠠᠨ ᠬᠠᠳᠤᠨ ᠭᠤᠤᠯ ᠤᠨ ᠡᠯᠢᠭᠡᠨ ᠳᠤ ᠨᠠᠯᠠᠨ ᠲᠦᠰᠢᠵᠦ ᠪᠠᠶᠢᠳᠠᠭ᠃ ᠠᠳᠡ ᠥᠷᠭᠡᠨ ᠠᠭᠤᠳᠠᠮ ᠴᠡᠯ | ᠨᠣᠭᠤᠭᠠᠨ ᠳᠡᠯᠡᠬᠡᠢ ᠪᠠᠷ ᠨᠢᠳᠦ ᠳᠦᠭᠦᠷᠦᠨᠡᠮ ᠂ ᠣᠷᠴᠢᠨ ᠲᠣᠭᠤᠷᠢᠨ ᠵᠢᠷᠤᠭᠯᠠᠭᠰᠠᠨ ᠦᠵᠡᠮᠵᠢ ᠮᠡᠲᠦ ᠂ ᠠᠳᠡᠬᠢ ᠬᠥᠮᠥᠰ ᠰᠢᠨ᠎ᠡ ᠡᠷᠢᠨ ᠤ ᠬᠥᠭᠵᠢᠯᠲᠡ ᠬᠤᠲᠠ ᠪᠠ | ᠣᠷᠴᠢᠨ ᠲᠣᠭᠤᠷᠢᠨ ᠤ ᠠᠮᠢ ᠠᠬᠤᠢ ᠰᠠᠶᠢᠬᠠᠨ ᠤᠶᠠᠯᠳᠤᠭᠰᠠᠨ ᠦᠵᠡᠮᠵᠢ ᠪᠠᠶᠢᠳᠠᠯ ᠳᠤ ᠲᠠᠪᠠᠲᠠᠢ ᠠᠮᠢᠳᠤᠷᠠᠬᠤ ᠪᠠᠶᠢᠭ᠎ᠠ ᠴᠡᠴᠡᠷᠯᠢᠭ ᠬᠤᠲᠠ ᠶᠢᠨ ᠳᠦᠷᠢ ᠳᠥᠷᠬᠦ | ᠡᠳᠦᠷ ᠢᠷᠡᠬᠦᠶ᠎ᠡ ᠪᠦᠷᠢᠯᠳᠦᠵᠦ ᠪᠠᠶᠢᠨ᠎ᠠ ︔ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠩᠭᠡ ᠳᠦᠷᠰᠦ ᠰᠢᠨᠡᠴᠢᠯᠡᠭᠳᠡᠵᠦ᠂ ᠬᠤᠳᠠ ᠶᠢᠨ ᠠᠷᠠᠳ ᠤᠳ | ᠵᠣᠯ ᠵᠢᠷᠭᠠᠯᠠᠩᠲᠤ ᠪᠠᠶᠠᠷ ᠴᠡᠩᠭᠡᠯ ᠢᠶᠠᠨ ᠬᠤᠪᠢᠶᠠᠯᠴᠠᠨ᠎ᠠ ᠃ ᠬᠤᠲᠠ ᠶᠢᠨ ᠵᠠᠮ ᠳᠥᠷᠪᠡᠨ ᠵᠦᠭ ᠨᠠᠶᠮᠠᠨ ᠵᠣᠪᠬᠢᠰ ᠲᠤ ᠨᠡᠪᠲᠡᠷᠡᠵᠦ᠂ ᠰᠠᠭᠤᠷᠢ ᠲᠥᠬᠦᠭᠡᠷᠦᠮᠵᠢ | ᠲᠠᠰᠤᠷᠠᠯᠲᠠ ᠥᠬᠡᠶ ᠰᠠᠶᠢᠵᠢᠷᠠᠵᠤ᠂ ᠬᠤᠲᠠ ᠶᠢᠨ ᠲᠣᠭᠤᠷᠢᠭ ᠤᠨ ᠴᠢᠳᠠᠮᠵᠢ ᠡᠳᠦᠷ ᠢᠷᠡᠬᠦᠶ᠎ᠡ ᠲᠡᠭᠦᠯᠳᠡᠷᠵᠢᠨ᠂ ᠣᠯᠠᠨ ᠲᠦᠮᠡᠨ ᠤ ᠠᠮᠢᠳᠤᠷᠠᠯ ᠤᠨ ᠴᠢᠨᠠᠷ | ᠴᠢᠨᠰᠠᠭ᠎ᠠ ᠳᠡᠭᠡᠭᠰᠢᠯᠡᠭᠰᠡᠭᠡᠷ ᠪᠠᠶᠢᠨ᠎ᠠ᠃ | ᠨᠤᠲᠤᠭ ᠳᠡᠪᠢᠰᠬᠡᠷ ᠤᠨ ᠣᠷᠣᠨ ᠵᠠᠶ ᠰᠢᠨ᠎ᠡ ᠪᠠᠶᠢᠷᠢᠰᠢᠯ ᠢ ᠪᠦᠷᠢᠯᠳᠦᠭᠦᠯᠪᠡ᠃ | ᠣᠳᠣ ︽ᠣᠷᠳᠣᠰ ᠬᠤᠲᠠ ᠶᠢᠨ ᠪᠥᠬᠦ ᠣᠷᠣᠨ ᠪᠦᠰᠡ ᠶᠢᠨ ᠴᠡᠴᠡᠷᠯᠢᠭ ᠬᠤᠲᠠ ᠶᠢᠨ ᠶᠡᠷᠦᠩᠬᠡᠶ ᠲᠥᠯᠥᠪᠵᠢᠭᠦᠯᠭᠡ ︾ ᠂ ︽ᠣᠷᠳᠣᠰ ᠬᠤᠲᠠ ᠶᠢᠨ ᠲᠥᠪ ᠬᠤᠲᠠ | ᠲᠣᠭᠤᠷᠢᠭ ᠵᠢᠴᠢ ᠡᠷᠬᠢᠨ ᠲᠣᠭᠤᠷᠢᠨ ᠤ ᠭᠤᠤᠯᠳᠠᠯᠭ᠎ᠠ ᠲᠠᠢ ᠣᠷᠣᠨ ᠪᠦᠰᠡ ᠶᠢᠨ ᠴᠡᠴᠡᠷᠯᠢᠭ ᠬᠤᠲᠠ ᠶᠢᠨ ᠶᠡᠷᠦᠩᠬᠡᠶ ᠲᠥᠯᠥᠪᠵᠢᠭᠦᠯᠭᠡ︾᠂ ︽ᠣᠷᠳᠣᠰ ᠬᠤᠲᠠ | ᠶᠢᠨ ᠴᠡᠴᠡᠷᠯᠢᠭ ᠬᠤᠲᠠ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠵᠢᠯᠣᠭᠤᠳᠬᠤ ᠲᠦᠷᠢᠮ︾ ᠢ ᠲᠤᠭᠤᠷᠪᠢᠵᠤ ᠡᠬᠢᠯᠡᠪᠡ ᠃ ︽ᠬᠤᠷᠴᠠ ᠨᠡᠮᠡᠭᠳᠡᠯ ︾ | ᠂ ︽ᠨᠠᠷᠢᠯᠢᠭ ᠡᠷᠴᠢᠮᠵᠢᠭᠦᠯᠦᠭᠰᠡᠨ ︾ ᠣᠶᠢᠯᠠᠭᠠᠭᠳᠠᠬᠤᠨ ᠢ ᠭᠦᠨᠵᠡᠭᠡᠢ ᠬᠡᠷᠡᠭᠵᠢᠭᠦᠯᠵᠦ᠂ ᠬᠤᠳᠠ ᠶᠢᠨ ᠣᠷᠣᠨ ᠵᠠᠢ ᠶᠢ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ | ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠭᠦᠯᠵᠦ᠂ ︽ᠨᠢᠭᠡ ᠴᠥᠮ᠎ᠡ ᠪᠠᠷ ᠲᠥᠪᠯᠡᠷᠡᠭᠦᠯᠬᠦ᠂ ᠨᠢᠭᠡ ᠪᠦᠰᠡ ᠪᠠᠷ ᠬᠦᠳᠦᠯᠥᠨ ᠳᠠᠭᠠᠭᠤᠯᠬᠤ᠂ ᠭᠤᠷᠪᠠᠨ ᠲᠡᠩᠭᠡᠯᠢᠭ | ᠢᠶᠠᠷ ᠬᠤᠷᠰᠢᠯᠴᠠᠬᠤ᠂ ᠲᠦᠷᠪᠡᠨ ᠲᠣᠭᠤᠷᠢᠭ ᠢᠶᠠᠷ ᠰᠠᠭᠤᠷᠢ ᠪᠣᠯᠭᠠᠬᠤ 》 ᠣᠷᠣᠨ ᠵᠠᠢ ᠶᠢᠨ ᠬᠥᠭᠵᠢᠯᠲᠡ ᠶᠢᠨ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ | ᠂ ᠣᠷᠣᠨ ᠵᠠᠢ ᠶᠢᠨ ᠬᠠᠮᠢᠶᠠᠷᠤᠯᠲᠠ ᠡᠵᠡᠮᠳᠡᠯ ᠪᠣᠯᠤᠨ ᠥᠨᠳᠥᠷ ᠪᠦᠲᠦᠮᠵᠢᠲᠡᠢ ᠵᠠᠰᠠᠯᠲᠠ ᠶᠢ ᠬᠠᠷᠢᠯᠴᠠᠨ ᠤᠶᠠᠯᠳᠤᠭᠤᠯᠤᠭᠰᠠᠨ ᠬᠥᠭᠵᠢᠯᠲᠡ ᠶᠢᠨ ᠰᠢᠨ᠎ᠡ ᠵᠠᠮ ᠢ | ᠬᠠᠶᠢᠨ ᠰᠦᠪᠡᠭᠴᠢᠯᠡᠪᠡ᠃ | ᠶᠡᠷᠦᠩᠬᠡᠶᠢᠯᠡᠭᠰᠡᠨ ᠴᠢᠳᠠᠮᠵᠢ ᠶᠢᠨ ᠰᠢᠨ᠎ᠡ ᠦᠰᠦᠷᠦᠯᠲᠡ ᠶᠢ ᠪᠡᠶᠡᠯᠡᠭᠦᠯᠪᠡ | ᠮᠢᠩᠭᠠᠨ ᠳ᠋ᠦᠩᠰᠢᠭᠤᠷ ᠤᠨ ᠠᠵᠤ ᠦᠶᠯᠡᠰ ᠤᠨ ᠪᠦᠯᠦᠭᠯᠡᠯ᠂ ᠮᠢᠩᠭᠠᠨ ᠳ᠋ᠦᠩᠰᠢᠭᠤᠷ ᠤᠨ ᠪᠦᠲᠦᠮᠵᠢᠲᠦ ᠪᠠᠯᠠ ᠣᠷᠣᠭᠤᠯᠤᠯᠲᠠ᠂ ᠮᠢᠩᠭᠠᠨ ᠳ᠋ᠦᠩᠰᠢᠭᠤᠷ | ᠤᠨ ᠪᠣᠳᠠᠲᠤ ᠬᠦᠴᠦᠨ ᠲᠠᠢ ᠬᠤᠰᠢᠭᠤ ᠲᠣᠭᠤᠷᠢᠭ᠂ ᠮᠢᠩᠭᠠᠨ ᠳ᠋ᠦᠩᠰᠢᠭᠤᠷ ᠤᠨ ᠦᠶᠯᠡᠳᠬᠦᠨ ᠤ ᠥᠷᠲᠡᠭ ᠤᠨ ᠬᠦᠷᠢᠶᠡᠯᠡᠩ ᠲᠣᠭᠤᠷᠢᠭ ᠢᠶᠠᠷ ᠲᠤᠯᠭᠠᠭᠤᠷᠢᠯᠠᠯ | ᠪᠣᠯᠭᠠᠵᠤ᠂ ᠣᠯᠠᠨ ᠴᠡᠭ ᠣᠯᠠᠨ ᠲᠤᠶᠢᠯ ᠬᠠᠮᠵᠢᠯᠴᠠᠨ ᠬᠦᠴᠦᠯᠡᠵᠦ᠂ ᠣᠷᠣᠨ ᠪᠦᠰᠡ ᠶᠢᠨ ᠠᠵᠤ ᠠᠬᠤᠶ ᠶᠢᠨ ᠬᠦᠴᠦᠲᠡᠶ ᠨᠡᠮᠡᠭᠳᠡᠯ ᠤᠨ ᠲᠤᠶᠢᠯ ᠢ ᠪᠣᠶ ᠪᠣᠯᠭᠠᠪᠠ᠃ | ᠰᠢᠰᠲ᠋ᠧᠮ ᠪᠦᠷᠢᠨ ᠲᠡᠭᠦᠯᠳᠡᠷ᠂ ᠥᠨᠳᠥᠷ ᠪᠦᠲᠦᠮᠵᠢᠲᠡᠶ ᠪᠥᠭᠡᠳ ᠪᠣᠳᠠᠲᠤ ᠬᠡᠷᠡᠭᠴᠡᠭᠡ ᠲᠠᠢ᠂ ᠣᠶᠤᠨᠴᠢ ᠪᠥᠭᠡᠳ ᠪᠣᠬᠢᠷᠲᠤᠯ ᠥᠬᠡᠶ᠂ ᠠᠮᠤᠷ ᠲᠦᠪᠰᠢᠨ ᠪᠥᠭᠡᠳ | ᠨᠠᠶᠢᠳᠠᠪᠤᠷᠢᠲᠠᠶ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠡᠭᠡᠳᠦ ᠲᠠᠰ ᠤᠨ ᠬᠦᠴᠦᠨ | ᠵᠦᠶᠯ ᠢ ᠲᠥᠪᠯᠡᠷᠡᠭᠦᠯᠬᠦ᠂ ᠴᠢᠨᠠᠷ ᠰᠠᠶᠢᠲᠠᠶ ᠠᠵᠤ ᠦᠶᠯᠡᠰ ᠬᠥᠲᠥᠯᠦᠨ ᠳᠠᠭᠠᠭᠤᠯᠬᠤ᠂ ᠵᠠᠮ ᠬᠠᠷᠢᠯᠴᠠᠭᠠᠨ ᠤ ᠵᠠᠬ᠎ᠠ ᠳᠡᠯᠭᠡᠭᠦᠷ ᠤᠨ ᠬᠦᠢᠰᠦ᠂ ᠣᠯᠠᠨ ᠨᠡᠶᠢᠲᠡ ᠶᠢᠨ | ᠦᠶᠯᠡᠴᠢᠯᠡᠭᠡᠨ ᠤ ᠬᠠᠩᠭᠠᠯᠭ᠎ᠠ᠂ ᠭᠠᠳᠠᠭᠰᠢ ᠨᠡᠭᠡᠭᠡᠵᠦ ᠰᠣᠯᠢᠯᠴᠠᠭ᠎ᠠ ᠬᠢᠬᠦ ᠵᠡᠷᠭᠡ ᠴᠢᠳᠠᠮᠵᠢ ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠪᠥᠬᠦ ᠣᠷᠣᠨ ᠤ ᠠᠵᠤ | ᠠᠬᠤᠶ ᠶᠢᠨ ︽ᠲᠣᠭᠲᠠᠭᠤᠨ︾ ᠪᠠᠶᠢᠬᠤ ᠰᠠᠭᠤᠷᠢ ᠴᠢᠯᠠᠭᠤ᠂ ︽ᠤᠷᠤᠭᠰᠢᠯᠠᠯᠲᠠ︾ ᠶᠢᠨ ᠳᠠᠭᠠᠭᠤᠯᠤᠭᠴᠢ ᠪᠣᠯᠵᠠᠢ ᠃ | ᠣᠳᠣ ᠦᠶ᠎ᠡ ᠶᠢᠨ ᠨᠡᠷᠡᠲᠦ ᠬᠤᠲᠠ ᠶᠢᠨ ᠰᠢᠨ᠎ᠡ ᠳᠦᠷᠢ ᠲᠥᠷᠬᠦ ᠶᠢ ᠢᠯᠡᠷᠡᠭᠦᠯᠪᠡ | ᠣᠳᠣᠬᠢᠴᠢᠯᠠᠭᠰᠠᠨ ᠴᠡᠴᠡᠷᠯᠢᠭ ᠬᠤᠳᠠ ᠶᠢᠨ ᠪᠦᠲᠦᠴᠡ ᠶᠢ ᠦᠨᠳᠦᠰᠦᠨ ᠳᠡᠭᠡᠨ ᠪᠦᠷᠢᠯᠳᠦᠭᠦᠯᠵᠦ᠂ ︽ᠶᠡᠭᠡ ᠭᠤᠣᠯ ᠳᠤ ᠬᠦᠷᠢᠶᠡᠯᠡᠭᠳᠡᠭᠰᠡᠨ︾᠂ ︽ᠲᠠᠯ᠎ᠠ | ᠨᠤᠲᠤᠭ ᠰᠦᠷᠯᠢᠭ ᠰᠠᠶᠢᠬᠠᠨ ︾ ᠬᠤᠳᠠ ᠶᠢᠨ ᠬᠥᠭᠵᠢᠯᠲᠡ ᠶᠢᠨ ᠰᠠᠭᠤᠷᠢ ᠦᠩᠭᠡ ᠳᠦᠷᠬᠦ ᠶᠢ ᠭᠦᠢᠴᠡᠳ ᠢᠯᠡᠷᠡᠭᠦᠯᠵᠦ᠂ ᠬᠤᠳᠠ ᠶᠢᠨ ᠠᠮᠢᠵᠢᠷᠠᠯ ᠤᠨ ᠬᠦᠴᠦᠨ᠂ | ᠤᠳᠤ ᠦᠶ᠎ᠡ ᠶᠢᠨ ᠤᠷᠤᠰᠬᠠᠯ ᠪᠣᠯᠤᠨ ᠥᠨᠢ ᠤᠳᠠᠭᠠᠨ ᠤ ᠭᠡᠷᠡᠯ ᠰᠠᠴᠤᠷᠠᠩᠭᠤᠢ ᠲᠡᠦᠬᠡ ᠬᠠᠮᠵᠢᠨ ᠬᠠᠪᠰᠤᠷᠤᠯᠴᠠᠵᠤ ᠬᠠᠷᠢᠯᠴᠠᠨ ᠲᠤᠪᠤᠶᠢᠯᠭᠠᠵᠥ᠂ ᠤᠳᠤ ᠦᠶ᠎ᠡ | ᠶᠢᠨ ᠨᠡᠷᠡᠳᠦ ᠬᠤᠳᠠ᠂ ᠴᠡᠴᠡᠷᠯᠢᠭ ᠬᠤᠳᠠ ᠶᠢᠨ ᠷᠢᠳᠢ ᠰᠢᠳᠢ ᠶᠢ ᠨᠡᠩ ᠢᠯᠡᠷᠡᠭᠦᠯᠵᠦ᠂ ᠬᠤᠳᠠ ᠶᠢᠨ ᠢᠷᠠᠭᠤ ᠠᠯᠳᠠᠷ ᠤᠨ ᠬᠡᠮᠵᠢᠶ᠎ᠡ ᠪᠣᠯᠤᠨ ᠨᠥᠯᠥᠭᠡᠯᠡᠬᠦ | ᠬᠦᠴᠦᠨ ᠢ ᠤᠯᠠᠮ ᠴᠢᠨᠠᠭᠰᠢᠳᠠ ᠳᠡᠭᠡᠭᠰᠢᠯᠡᠭᠦᠯᠪᠡ᠃ ᠪᠦᠬᠦ ᠤᠯᠤᠰ ᠤᠨ ᠪᠣᠯᠪᠠᠰᠤᠨ ᠵᠢᠱᠢᠶᠡᠴᠢ ᠬᠤᠲᠠ᠂ ᠤᠯᠤᠰ ᠤᠨ ᠠᠮᠢ ᠠᠬᠤᠢ ᠶᠢᠨ ᠴᠡᠴᠡᠷᠯᠢᠭᠵᠢᠭᠰᠡᠨ | ᠬᠤᠲᠠ ᠶᠢ ᠪᠠᠶᠢᠭᠤᠯᠬᠤ ᠪᠠᠷ ᠬᠦᠴᠦᠯᠡᠨ ᠴᠢᠷᠮᠠᠶᠢᠵᠤ ᠪᠣᠢ ᠃ | ᠣᠷᠣᠰᠢᠨ ᠰᠠᠭᠤᠬᠤ ᠣᠷᠴᠢᠨ ᠨᠥᠬᠦᠴᠡᠯ ᠤᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠪᠡ | 15 ᠮᠢᠨᠦ᠋ᠲ ᠤᠨ ᠠᠮᠢᠳᠤᠷᠠᠯ ᠤᠨ ᠲᠣᠭᠤᠷᠢᠭ᠂ 15 ᠮᠢᠨᠦ᠋ᠲ ᠤᠨ ᠰᠣᠶᠣᠯ ᠪᠡᠶ᠎ᠡ ᠲᠠᠮᠢᠷ ᠤᠨ ᠲᠣᠭᠤᠷᠢᠭ ᠢ ᠲᠦᠷᠭᠡᠨ ᠪᠠᠶᠢᠭᠤᠯᠵᠤ᠂ ᠤᠶᠤᠨᠲᠤ ᠬᠤᠭ | ᠨᠣᠪᠰᠢ ᠶᠢ ᠲᠥᠷᠥᠯ ᠬᠤᠪᠢᠶᠠᠬᠤ᠂ ᠠᠦ᠋ᠲ᠋ᠣ᠋ ᠴᠠᠬᠢᠯᠭᠠᠨ ᠴᠡᠨᠡᠭᠯᠡᠬᠦ ᠵᠡᠷᠭᠡ ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠣᠶᠤᠨᠴᠢ ᠦᠵᠦᠭᠦᠷᠯᠢᠭ ᠤᠨ ᠬᠡᠷᠡᠭᠯᠡᠯᠲᠡ ᠶᠢ | ᠪᠥᠬᠦ ᠲᠠᠯ᠎ᠠ ᠪᠠᠷ ᠳᠡᠯᠭᠡᠷᠡᠭᠦᠯᠵᠤ᠂ ᠣᠯᠠᠨ ᠨᠡᠶᠢᠲᠡ ᠶᠢᠨ ᠦᠶᠯᠡᠴᠢᠯᠡᠭᠡᠨ ᠤ ᠰᠦᠯᠵᠢᠶᠡᠨ ᠳᠡᠭᠡᠷᠡᠬᠢ ︽ᠨᠢᠭᠡ ᠳᠡᠯᠭᠡᠴᠡ ᠪᠠᠷ ᠭᠦᠢᠴᠡᠳᠬᠡᠬᠦ︾᠂ ︽ᠬᠤᠷᠤᠭᠤᠨ ᠤ | ᠦᠵᠦᠭᠦᠷ ᠢᠶᠠᠷ ᠭᠦᠢᠴᠡᠳᠬᠡᠬᠦ ︾ ᠶᠢ ᠪᠠᠶᠢᠭᠤᠯᠵᠤ᠂ ᠠᠮᠢ ᠠᠬᠤᠶ ᠶᠢᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠬᠤᠲᠠ ᠶᠢᠨ ᠣᠷᠴᠢᠨ ᠲᠣᠭᠤᠷᠢᠨ ᠢ | ᠨᠠᠩ ᠴᠡᠪᠡᠷ ᠴᠡᠮᠴᠡᠭᠡᠷ᠂ ᠳᠡᠷᠢ ᠲᠡᠭᠰᠢ ᠂ ᠡᠮᠬᠢ ᠵᠢᠷᠤᠮ ᠲᠠᠢ᠂ ᠭᠤᠶᠣ ᠰᠠᠶᠢᠬᠠᠨ ᠪᠣᠯᠭᠠᠵᠤ᠂ ᠬᠥᠮᠥᠡᠯᠢᠭ ᠬᠤᠲᠠ᠂ ᠰᠣᠶᠣᠯ ᠢᠷᠭᠡᠨᠰᠢᠯ ᠤᠨ ᠠᠭᠤᠷ ᠠᠮᠢᠰᠬᠤᠯ᠂ | ᠬᠠᠶᠢᠷ᠎ᠠ ᠰᠡᠳᠬᠢᠯᠭᠡ ᠪᠢᠯᠬᠠᠭᠰᠠᠨ ᠠᠮᠢᠳᠤᠷᠠᠯ ᠤᠨ ᠴᠢᠨᠠᠷ ᠪᠠ ᠲᠠᠰ ᠢ ᠢᠯᠡᠳᠲᠡ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠤ ᠱᠠᠩᠨᠠᠯ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠤ ᠱᠠᠩᠨᠠᠯ ᠢ ᠬᠦᠷᠲᠡᠬᠦ ᠪᠠᠷ ᠴᠢᠷᠮᠠᠶᠢᠵᠤ | ᠪᠣᠢ ᠃ | ᠬᠤᠳᠠ ᠶᠢᠨ ᠵᠠᠰᠠᠯᠲᠠ ᠶᠢᠨ ᠰᠢᠨ᠎ᠡ ᠵᠠᠮ ᠢᠶᠠᠷ ᠵᠠᠮᠨᠠᠪᠠ | ᠠᠮᠢ ᠨᠠᠰᠤᠨ ᠤ ᠪᠦᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠬᠤᠳᠠ ᠶᠢ ᠣᠳᠣᠬᠢᠴᠢᠯᠠᠭᠰᠠᠨ ᠠᠷᠭ᠎ᠠ | ᠮᠠᠶ᠋ᠢᠭ ᠢᠶᠠᠷ ᠵᠠᠰᠠᠬᠤ ᠰᠢᠨ᠎ᠡ ᠵᠠᠮ ᠢ ᠬᠠᠶᠢᠨ ᠰᠦᠪᠡᠭᠴᠢᠯᠡᠪᠡ ᠃ ᠬᠤᠲᠠ ᠶᠢᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠲᠣᠭᠲᠠᠴᠠ ᠶᠢ ᠨᠡᠩ ᠲᠡᠭᠦᠯᠳᠡᠷᠵᠢᠭᠦᠯᠵᠦ᠂ ᠬᠤᠲᠠ ᠶᠢᠨ ᠵᠠᠰᠠᠯᠲᠠ ᠶᠢ ᠰᠢᠨᠵᠢᠯᠡᠬᠦ ᠤᠬᠠᠭᠠᠨᠴᠢᠯᠠᠬᠤ᠂ ᠨᠠᠷᠢᠯᠢᠬᠵᠢᠭᠤᠯᠬᠤ᠂ | ᠤᠶᠤᠨᠴᠢᠯᠠᠬᠤ ᠲᠦᠪᠰᠢᠨ ᠢ ᠢᠯᠡᠳᠲᠡ ᠳᠡᠭᠡᠭᠰᠢᠯᠡᠭᠦᠯᠵᠦ᠂ ︽ᠬᠤᠲᠠ ᠶᠢᠨ ᠡᠪᠡᠳᠴᠢᠨ︾ ᠢ ᠪᠦᠲᠦᠮᠵᠢᠲᠡᠢ ᠵᠠᠰᠠᠨ ᠨᠠᠮᠳᠠᠭᠤᠯᠵᠤ᠂ ᠨᠡᠩ ᠴᠢᠨᠠᠷ ᠰᠠᠶᠢᠲᠠᠢ᠂ ᠨᠡᠩ | ᠦᠷ᠎ᠡ ᠪᠦᠲᠦᠮᠵᠢᠲᠡᠢ᠂ ᠨᠡᠩ ᠲᠥᠪ ᠭᠤᠣᠯᠴᠢ᠂ ᠨᠡᠩ ᠨᠦᠬᠡᠴᠡᠲᠡᠢ ᠂ ᠨᠡᠩ ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠵᠦ᠂ ᠪᠦᠬᠦ ᠤᠯᠤᠰ ᠤᠨ ᠬᠤᠲᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠭᠰᠠᠨ ᠬᠡᠪ ᠳᠠᠭᠤᠷᠢᠶᠠᠯ ᠬᠤᠲᠠ ᠶᠢ ᠪᠠᠶᠢᠭᠤᠯᠬᠤ ᠪᠠᠷ ᠬᠦᠴᠦᠯᠡᠨ ᠴᠢᠷᠮᠠᠶᠢᠵᠤ ᠪᠣᠢ᠃ |