﹇ᠪᠦᠬᠦ ᠣᠷᠣᠨ ᠤ ᠪᠠᠷᠢᠮᠵᠢᠶ᠎ᠠ ᠨᠣᠷᠮ᠎ᠠ ᠪᠠ ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠲᠤᠷᠰᠢᠯᠭ᠎ᠠ ᠪᠠᠨ ᠰᠣᠯᠢᠯᠴᠠᠪᠠ﹈ ᠪᠠᠷᠢᠮᠵᠢᠶ᠎ᠠ ᠶᠢᠨ ᠰᠠᠭᠤᠷᠢ ᠶᠢ ᠪᠠᠲᠤᠳᠬᠠᠨ ᠬᠥᠭᠵᠢᠯᠲᠡ ᠶᠢ ᠠᠬᠢᠭᠤᠯᠵᠤ᠂ ᠦᠨ᠎ᠡ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ ᠠᠵᠢᠯ ᠲᠦᠷᠦᠯ ᠢ ᠭᠦᠴᠦᠷᠬᠡᠭᠵᠢᠭᠦᠯᠦᠶ᠎ᠡ
ᠨᠡᠶᠢᠲᠡᠯᠡᠭᠰᠡᠨ ᠴᠠᠭ᠄
2023/5/11
  ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠠᠷᠢᠮᠵᠢᠶ᠎ᠠ ᠶᠢᠨ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠯᠲᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠶᠢ ᠭᠤᠶᠤᠴᠢᠯᠠᠨ ᠮᠡᠳᠡᠭᠦᠯᠵᠦ ᠤᠬᠠᠭᠤᠯᠤᠨ ᠲᠤᠭᠤᠰᠢᠯᠠᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠢᠨᠵᠧᠨᠧᠷᠢᠩ ᠤᠨ ᠪᠠᠶᠢᠭᠤᠯᠬᠤ ᠦᠨ᠎ᠡ ᠶᠢ ᠲᠥᠰᠦᠭᠡᠯᠡᠨ ᠪᠤᠳᠤᠬᠤ ᠠᠵᠢᠯ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠪᠠᠶᠢᠭᠤᠯᠬᠤ ᠦᠨ᠎ᠡ ᠶᠢᠨ ᠠᠵᠤ ᠠᠬᠤᠶᠢᠯᠠᠯ ᠳᠤ ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠳᠬᠠᠵᠠᠢ᠃  ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠠᠵᠢᠯ ᠤᠨ ᠰᠠᠭᠤᠷᠢ ᠶᠢ ᠪᠠᠬᠢᠵᠢᠭᠦᠯᠵᠦ᠂ ᠪᠠᠷᠢᠮᠵᠢᠶᠠᠲᠤ ᠮᠡᠷᠭᠡᠵᠢᠯ ᠤᠨ ᠳᠡᠮᠵᠢᠯᠭᠡ ᠶᠢᠨ ᠦᠢᠯᠡᠳᠦᠯ ᠢ ᠪᠠᠳᠠᠷᠠᠭᠤᠯᠤᠨ ᠬᠥᠭᠵᠢᠯᠲᠡ ᠶᠢ ᠠᠬᠢᠭᠤᠯᠵᠠᠢ ᠃ 2022 ᠣᠨ ᠳᠤ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠣᠷᠣᠨ ᠤ ᠲᠥᠪ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠵᠣᠬᠢᠶᠠᠨ ᠪᠠᠶᠢᠭᠤᠯᠤᠨ 37 ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠨ ᠵᠠᠰᠠᠪᠤᠷᠢ ᠣᠷᠣᠭᠤᠯᠬᠤ ᠲᠥᠷᠥᠯ ᠵᠦᠢᠯ ᠤᠨ ᠲᠥᠯᠥᠪᠯᠡᠭᠡ ᠶᠢ ᠭᠤᠶᠤᠴᠢᠯᠠᠨ ᠮᠡᠳᠡᠭᠦᠯᠵᠦ᠂ ᠡᠭᠦᠨ ᠳᠤ 32 ᠲᠥᠷᠥᠯ ᠵᠦᠢᠯ ᠨᠢ ᠨᠢᠭᠡᠨᠲᠡ ᠲᠤᠰᠬᠠᠶ ᠮᠡᠷᠭᠡᠵᠢᠯᠲᠡᠨ ᠤ ᠬᠢᠨᠠᠨ ᠦᠨᠡᠯᠡᠯᠲᠡ ᠳᠤ ᠪᠠᠲᠤᠯᠠᠭᠳᠠᠪᠠ᠃ ᠪᠣᠯᠪᠠᠰᠤᠷᠠᠯ ᠤᠨ ᠠᠩᠭᠢ᠂ ᠲᠤᠬᠠᠶ ᠶᠢᠨ ᠭᠠᠵᠠᠷ ᠤᠨ ᠬᠤᠷᠠᠯ ᠡᠷᠬᠢᠯᠡᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠠᠵᠢᠯ ᠤᠨ ᠬᠥᠳᠡᠯᠦᠯ ᠪᠠᠶᠢᠳᠠᠯ ᠢ ᠢᠳᠡᠪᠬᠢᠲᠡᠶ ᠤᠬᠠᠭᠤᠯᠵᠠᠢ᠃ ᠰᠣᠨᠢᠨ ᠰᠡᠳᠬᠦᠯ᠂ ᠲᠧᠯᠸᠢᠰ᠂ ᠰᠦᠯᠵᠢᠶ᠎ᠡ ᠵᠡᠷᠭᠡ ᠠᠷᠭ᠎ᠠ ᠵᠠᠮ ᠢ ᠭᠦᠢᠴᠡᠳ ᠠᠰᠢᠭᠯᠠᠨ᠂ ︽ᠪᠣᠬᠢᠷᠳᠤᠯ ᠦᠭᠡᠢ ᠪᠠᠷᠢᠯᠭ᠎ᠠ ᠶᠢ ᠦᠨᠡᠯᠡᠬᠦ ᠪᠠᠷᠢᠮᠵᠢᠶ᠎ᠠ︾ ︵DB15/T 2817-2022︶ ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠤᠬᠠᠭᠤᠯᠤᠨ ᠲᠤᠭᠤᠰᠢᠯᠠᠭᠤᠯᠵᠤ᠂ ᠪᠠᠷᠢᠮᠵᠢᠶᠠᠵᠢᠭᠤᠯᠤᠯᠲᠠ ᠶᠢᠨ ᠮᠡᠳᠡᠯᠭᠡ ᠶᠢᠨ ᠤᠬᠠᠭᠤᠯᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ᠂ ᠪᠥᠬᠦ ᠨᠡᠶᠢᠭᠡᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶᠠᠵᠢᠭᠤᠯᠬᠤ ᠦᠵᠡᠯ ᠤᠬᠠᠮᠰᠠᠷ ᠢ ᠴᠢᠩᠭᠠᠷᠠᠭᠤᠯᠵᠠᠢ᠃ᠬᠤᠶᠠᠷ  ᠢᠨᠵᠧᠨᠧᠷᠢᠩ ᠤᠨ ᠪᠠᠶᠢᠭᠤᠯᠬᠤ ᠦᠨ᠎ᠡ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠲᠥᠰᠦᠭᠡᠯᠡᠨ ᠪᠣᠳᠣᠵᠤ᠂ ᠪᠠᠶᠢᠭᠤᠯᠬᠤ ᠦᠨ᠎ᠡ ᠶᠢᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠠᠢ᠃ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠪᠠᠶᠢᠭᠤᠯᠬᠤ ᠦᠨ᠎ᠡ ᠶᠢᠨ ᠮᠡᠳᠡᠭᠡ ᠵᠠᠩᠭᠢ ᠶᠢ ᠪᠠᠶᠢᠴᠠᠭᠠᠬᠤ᠂ ᠲᠥᠰᠦᠭᠡᠯᠡᠨ ᠪᠣᠳᠣᠬᠤ ᠪᠠ ᠨᠡᠶᠢᠲᠡᠯᠡᠬᠦ ᠠᠵᠢᠯ ᠢ ᠰᠢᠨᠵᠢᠯᠡᠬᠦ ᠤᠬᠠᠭᠠᠨᠴᠢ᠂ ᠴᠠᠭ ᠲᠤᠬᠠᠶ ᠳᠤᠨᠢ᠂ ᠪᠤᠰᠤᠳᠴᠢ ᠪᠠᠷ ᠰᠠᠶᠢᠲᠤᠷ ᠬᠢᠵᠡᠢ᠃ ᠬᠥᠬᠡᠬᠤᠲᠠ ᠶᠢᠨ ᠭᠠᠵᠠᠷ ᠣᠷᠣᠨ ᠤ ᠪᠠᠶᠢᠭᠤᠯᠬᠤ ᠦᠨ᠎ᠡ ᠶᠢᠨ ᠬᠥᠳᠡᠯᠦᠯ ᠪᠠᠶᠢᠳᠠᠯ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠢᠯᠡ ᠨᠡᠶᠢᠲᠡᠯᠡᠨ᠂ ᠬᠠᠮᠢᠶ᠎ᠠ ᠪᠦᠬᠦᠢ ᠠᠭᠤᠯᠭ᠎ᠠ ᠶᠢ ᠴᠠᠭ ᠲᠤᠬᠠᠶ ᠳᠤᠨᠢ ᠲᠣᠬᠢᠷᠠᠭᠤᠯᠵᠤ᠂ ᠢᠨᠵᠧᠨᠧᠷᠢᠩ ᠤᠨ ᠪᠠᠶᠢᠭᠤᠯᠬᠤ ᠦᠨ᠎ᠡ ᠶᠢᠨ ᠭᠦᠢᠴᠡᠳᠬᠡᠬᠦ ᠲᠤᠭ᠎ᠠ ᠶᠢ ᠵᠦᠢ ᠵᠣᠬᠢᠰᠲᠠᠶ ᠲᠥᠰᠦᠭᠡᠯᠡᠨ ᠪᠣᠳᠣᠵᠤ᠂ ᠪᠦᠲᠦᠭᠡᠨ ᠪᠠᠶᠢᠭᠤᠯᠤᠯᠲᠠ ᠶᠢᠨ ᠨᠢᠭᠡᠴᠢ ᠪᠣᠯᠤᠨ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠳᠤ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠢᠨᠵᠧᠨᠧᠷᠢᠩ ᠤᠨ ᠪᠠᠶᠢᠭᠤᠯᠬᠤ ᠦᠨ᠎ᠡ ᠶᠢ ᠵᠦᠢ ᠵᠣᠬᠢᠰᠲᠠᠶ ᠲᠣᠭᠲᠠᠭᠠᠬᠤ ᠪᠠ ᠪᠦᠲᠦᠮᠵᠢᠲᠡᠶ ᠬᠢᠵᠠᠭᠠᠷᠯᠠᠬᠤ ᠳᠤ ᠯᠠᠪᠯᠠᠯᠲᠠ ᠪᠣᠯᠭᠠᠬᠤ ᠦᠨᠳᠦᠰᠦᠯᠡᠯ ᠬᠠᠩᠭᠠᠵᠠᠢ᠃ 2022 ᠣᠨ ᠳᠤ 6 ᠬᠤᠭᠤᠴᠠᠭᠠᠨ ᠤ ᠢᠨᠵᠧᠨᠧᠷᠢᠩ ᠤᠨ ᠪᠠᠶᠢᠭᠤᠯᠬᠤ ᠦᠨ᠎ᠡ ᠶᠢᠨ ᠮᠡᠳᠡᠭᠡ ᠵᠠᠩᠭᠢ ᠶᠢ ᠨᠡᠶᠢᠲᠡᠯᠡᠪᠡ᠃ ᠪᠠᠶᠢᠭᠤᠯᠬᠤ ᠦᠨ᠎ᠡ ᠶᠢᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠬᠤᠶᠠᠷ ᠢ ᠲᠠᠰᠢᠷᠠᠮ ᠢᠶᠠᠷ ᠨᠢᠭᠡ ᠶᠢ ᠢᠯᠡ ᠪᠣᠯᠭᠠᠬᠤ ᠠᠷᠭ᠎ᠠ ᠮᠠᠶ᠋ᠢᠭ ᠢ ᠠᠪᠴᠤ ᠪᠠᠶᠢᠭᠠᠳ ᠠᠵᠤ ᠠᠬᠤᠶᠢᠯᠠᠯ ᠳᠤ ᠰᠤᠭᠤᠴᠢᠨ ᠪᠠᠶᠢᠴᠠᠭᠠᠯᠲᠠ ᠬᠢᠵᠡᠢ᠃ 2022 ᠣᠨ ᠳᠤ16 ᠢᠨᠵᠧᠨᠧᠷᠢᠩ ᠤᠨ ᠪᠠᠶᠢᠭᠤᠯᠬᠤ ᠦᠨ᠎ᠡ ᠶᠢᠨ ᠵᠥᠪᠯᠡᠯᠭᠡ ᠥᠭᠬᠦ ᠠᠵᠤ ᠠᠬᠤᠶᠢᠯᠠᠯ ᠢ ᠲᠣᠬᠢᠶᠠᠯᠳᠤᠯ ᠢᠶᠠᠷ ᠰᠣᠩᠭᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠡ᠃ ᠪᠠᠶᠢᠴᠠᠭᠠᠭᠳᠠᠬᠤ ᠠᠵᠤ ᠠᠬᠤᠶᠢᠯᠠᠯ ᠤᠨ ᠨᠢᠭᠡ ᠵᠢᠯ ᠤᠨ ᠳᠣᠲᠣᠷ᠎ᠠ ᠨᠠᠶᠢᠷᠠᠭᠤᠯᠤᠨ ᠵᠣᠬᠢᠶᠠᠵᠤ ᠳᠠᠭᠤᠰᠬᠠᠭᠰᠠᠨ ᠢᠨᠵᠧᠨᠧᠷᠢᠩ ᠤᠨ ᠪᠠᠶᠢᠭᠤᠯᠬᠤ ᠦᠨ᠎ᠡ ᠶᠢᠨ ᠦᠷ᠎ᠡ ᠪᠦᠲᠦᠭᠡᠯ ᠤᠨ ᠪᠢᠴᠢᠭ ᠮᠠᠲ᠋ᠧᠷᠢᠶᠠᠯ ᠳᠤ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠯᠲᠠ ᠬᠢᠵᠦ᠂ ᠨᠡᠶᠢᠲᠡ 24 ᠢᠨᠵᠧᠨᠧᠷᠢᠩ ᠳᠤ ᠬᠤᠯᠪᠣᠭᠳᠠᠵᠠᠶ᠃ᠠᠵᠢᠯ ᠤᠨ ᠬᠠᠷᠠᠯᠲᠠ  ᠳᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶᠠᠵᠢᠭᠰᠠᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠬᠠᠩᠭᠠᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ ᠢᠨᠵᠧᠨᠧᠷᠢᠩ ᠤᠨ ᠪᠠᠶᠢᠭᠤᠯᠬᠤ ᠦᠨ᠎ᠡ ᠶᠢᠨ ᠵᠥᠪᠯᠡᠯᠭᠡ ᠥᠭᠬᠦ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠬᠢᠵᠦ᠂ ᠢᠨᠵᠧᠨᠧᠷᠢᠩ ᠤᠨ ᠪᠠᠶᠢᠭᠤᠯᠬᠤ ᠦᠨ᠎ᠡ ᠶᠢᠨ ᠵᠥᠪᠯᠡᠯᠭᠡ ᠥᠭᠬᠦ ᠦᠷ᠎ᠡ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠪᠠᠶᠢᠭᠤᠯᠬᠤ ᠦᠨ᠎ᠡ ᠶᠢᠨ ᠵᠥᠪᠯᠡᠯᠭᠡ ᠥᠭᠬᠦ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ ᠲᠥᠷᠥᠯ ᠤᠨ ᠡᠮᠬᠢ ᠳᠢᠭᠯᠢᠮ ᠢ ᠬᠠᠮᠠᠭᠠᠯᠠᠨ᠂ ᠠᠵᠤ ᠠᠬᠤᠶᠢᠯᠠᠯ ᠤᠨ ᠢᠲᠡᠭᠡᠮᠵᠢ ᠶᠢᠨ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠦᠢᠯᠡᠳᠦᠯ ᠢ ᠪᠠᠳᠠᠷᠠᠭᠤᠯᠵᠤ᠂ ᠢᠨᠵᠧᠨᠧᠷᠢᠩ ᠤᠨ ᠪᠠᠶᠢᠭᠤᠯᠬᠤ ᠦᠨ᠎ᠡ ᠶᠢᠨ ᠵᠥᠪᠯᠡᠯᠭᠡ ᠥᠭᠬᠦ ᠠᠵᠤ ᠠᠬᠤᠶᠢᠯᠠᠯ ᠤᠨ ︽ᠨᠢᠭᠡ ᠭᠠᠵᠠᠷ ᠲᠤ ᠢᠲᠡᠭᠡᠯ ᠠᠯᠳᠠᠪᠠᠯ᠂ ᠭᠠᠵᠠᠷ ᠪᠣᠯᠭᠠᠨ ᠳᠤ ᠬᠢᠵᠠᠭᠠᠷᠯᠠᠭᠳᠠᠬᠤ︾ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠠᠯᠬᠤᠮ ᠠᠯᠬᠤᠮ ᠢᠶᠠᠷ ᠪᠣᠶ ᠪᠣᠯᠭᠠᠨ᠎ᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠷᠤᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ