ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠢ ᠰᠤᠷᠤᠯᠴᠠᠨ ᠲᠤᠭᠤᠰᠢᠯᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠯᠠᠬᠤ ᠰᠢᠰᠲ᠋ᠧᠮ ᠤᠨ ︽ᠰᠤᠷᠲᠠᠯ ᠢᠶᠠᠨ ᠰᠠᠶᠢᠵᠢᠷᠠᠭᠤᠯᠵᠤ᠂ ᠴᠢᠳᠠᠪᠦᠷᠢ ᠪᠠᠨ ᠳᠡᠭᠡᠭᠰᠢᠯᠡᠭᠦᠯᠬᠦ︾ | ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠲᠣᠬᠢᠷᠠᠭᠤᠯᠤᠯᠲᠠ ᠲᠠᠢ ᠤᠶᠠᠯᠳᠤᠭᠤᠯᠤᠨ᠂ 5 ᠳ᠋ᠤᠭᠠᠷ ᠰᠠᠷ᠎ᠠ ᠶᠢᠨ 10 ᠤ ᠡᠳᠦᠷ ᠥᠪᠡᠷᠲᠡᠭᠡᠨ ᠵᠠᠰᠠᠬᠤ ᠣᠷᠣᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ︽ᠭᠤᠷᠪᠠ ᠶᠢ ᠭᠦᠢᠴᠡᠳᠬᠡᠬᠦ ᠭᠤᠷᠪᠠ ᠳᠤ ᠦᠢᠯᠡᠴᠢᠯᠡᠬᠦ︾ ᠶᠠᠷᠢᠶᠠᠨ ᠤ | ᠲᠠᠩᠬᠢᠮ ᠢ ᠵᠣᠬᠢᠶᠠᠨ ᠪᠠᠶᠢᠭᠤᠯᠤᠨ ᠥᠷᠨᠢᠭᠦᠯᠦᠨ᠂ ᠲᠢᠩᠬᠢᠮ ᠤᠨ ᠰᠢᠰᠲ᠋ᠧᠮ ᠤᠨ 90 ᠭᠠᠷᠤᠶ ᠠᠵᠢᠯᠲᠠᠨ ᠪᠣᠯᠪᠠᠰᠤᠷᠠᠯ ᠳᠤ ᠣᠷᠣᠯᠴᠠᠵᠠᠢ᠃ | | | | | | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯᠲᠠᠨ ᠤ ᠲᠥᠯᠥᠭᠡᠯᠡᠭᠴᠢ ᠶᠢ | ᠰᠣᠩᠭᠤᠬᠤ ᠠᠵᠢᠯ ᠤᠨ ᠵᠥᠪᠯᠡᠯ ᠤᠨ ᠲᠥᠯᠥᠭᠡᠯᠡᠭᠴᠢ ᠶᠢᠨ ᠠᠵᠢᠯ ᠤᠨ ᠭᠠᠵᠠᠷ ᠤᠨ ᠳᠠᠷᠤᠭ᠎ᠠ ᠯᠢᠦ ᠶᠢᠩ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠰᠢᠰᠲ᠋ᠧᠮ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠶᠢ ᠪᠡᠶᠡᠯᠡᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠳᠤᠷᠠᠳᠤᠭᠰᠠᠨ ᠪᠠ ᠰᠢᠢᠳᠪᠦᠷᠢᠯᠡᠬᠦ ᠠᠵᠢᠯ ᠤᠨ ᠬᠤᠯᠪᠣᠭᠳᠠᠯ ᠪᠦᠬᠦᠢ | ᠱᠠᠭᠠᠷᠳᠠᠯᠭ᠎ᠠ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ ᠭᠦᠢᠴᠡᠳᠬᠡᠬᠦ ᠪᠣᠳᠠᠲᠠᠢ ᠠᠵᠢᠯ ᠤᠨ ᠶᠠᠪᠤᠴᠠ ᠶᠢ | ᠨᠠᠷᠢᠨ ᠲᠠᠶᠢᠯᠪᠤᠷᠢᠯᠠᠵᠠᠢ᠃ | | | | | | ᠪᠣᠯᠪᠠᠰᠤᠷᠠᠯ ᠢᠶᠠᠷ ᠳᠠᠮᠵᠢᠨ᠂ ᠤᠯᠠᠨ ᠢᠶᠠᠷ ᠢᠶᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ | ᠭᠦᠢᠴᠡᠳᠬᠡᠬᠦ ᠠᠵᠢᠯ ᠤᠨ ᠲᠤᠬᠠᠢ ᠣᠶᠢᠯᠠᠭᠠᠯᠲᠠ ᠪᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ᠪᠣᠯᠪᠠᠰᠤᠷᠠᠯ ᠤᠨ ᠣᠯᠤᠯᠲᠠ ᠪᠠᠨ ᠴᠠᠭ | ᠲᠤᠬᠠᠶ ᠳᠤᠨᠢ ᠪᠣᠳᠠᠲᠠᠶ ᠠᠵᠢᠯ ᠤᠨ ᠳᠤᠮᠳᠠ ᠪᠠᠨ ᠬᠡᠷᠡᠭᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠪᠠ | ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠬᠤ ᠪᠠ ᠯᠠᠪᠯᠠᠯᠲᠠ ᠪᠣᠯᠭᠠᠵᠤ᠂ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠵᠦ ᠰᠠᠨᠠᠯ ᠨᠢᠭᠡᠲᠡᠶ ᠢᠯᠡᠷᠬᠡᠶᠢᠯᠡᠪᠡ᠃ | |