5 ᠳ᠋ᠤᠭᠠᠷ ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠨᠢᠶᠧ ᠬᠠᠶ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠷᠠᠯ ᠠᠴᠠ ᠪᠥᠬᠦ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠵᠦ᠂ ᠬᠥᠬᠡᠬᠤᠲᠠ᠂ ᠤᠯᠠᠭᠠᠨᠬᠠᠳᠠ ᠬᠤᠲᠠ ᠪᠣᠯᠤᠨ ᠣᠷᠳᠣᠰ ᠬᠤᠲᠠ ᠶᠢᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠡᠶᠢᠲᠡᠯᠢᠭ ᠲᠤᠷᠰᠢᠯᠭ᠎ᠠ ᠪᠠᠨ ᠰᠣᠯᠢᠯᠴᠠᠪᠠ᠃ | | | | ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠬᠤᠶᠠᠷ ᠢ ᠬᠤᠯᠪᠣᠭᠠᠯᠠᠬᠤ ᠶᠢ | ᠴᠢᠩᠭᠠᠳᠬᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠪᠠᠷᠢᠯᠭ᠎ᠠ ᠶᠢᠨ ᠵᠢᠷᠤᠭ ᠢ ᠬᠠᠮᠲᠤᠷᠠᠨ ᠬᠢᠨᠠᠬᠤ ᠶᠢ ᠴᠢᠩᠭᠠᠳᠬᠠᠨ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠴᠠᠭ ᠤᠨ ᠬᠢᠵᠠᠭᠠᠷ ᠢ ᠴᠢᠩᠭ᠎ᠠ ᠡᠵᠡᠮᠳᠡᠵᠦ᠂ | ᠪᠠᠷᠢᠯᠭ᠎ᠠ ᠶᠢᠨ ᠵᠢᠷᠤᠭ ᠢ ᠲᠣᠭᠠᠵᠢᠭᠤᠯᠤᠨ ᠬᠢᠨᠠᠨ ᠪᠠᠶᠢᠴᠠᠭᠠᠬᠤ ᠶᠢ ᠲᠦᠷᠭᠡᠳᠬᠡᠨ ᠠᠬᠢᠭᠤᠯᠵᠤ᠂ ᠬᠠᠮᠲᠤᠷᠠᠨ ᠰᠢᠯᠭᠠᠨ ᠠᠪᠬᠤ ︽ᠨᠢᠭᠡ ᠴᠤᠩᠬᠤᠪᠴᠢ ᠪᠠᠷ ᠭᠥᠯᠢᠶᠡᠨ | ᠠᠪᠴᠤ ᠰᠢᠢᠳᠪᠦᠷᠢᠯᠡᠬᠦ︾ ᠶᠢ ᠭᠦᠨᠵᠡᠭᠡᠶ ᠨᠠᠶᠢᠳᠠᠪᠤᠷᠢᠵᠢᠭᠤᠯᠤᠨ᠂ 2023 ᠣᠨ ᠤ ᠡᠴᠦᠰ ᠠᠴᠠ ᠡᠮᠦᠨ᠎ᠡ ᠬᠠᠮᠲᠤᠷᠠᠨ ᠰᠢᠯᠭᠠᠨ ᠠᠪᠬᠤ ᠲᠥᠷᠥᠯ ᠵᠦᠢᠯ ᠤᠨ | ᠡᠵᠡᠯᠡᠬᠦ ᠬᠠᠷᠢᠴᠠᠯ ᠢ 60% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠳᠤᠯᠠᠨ᠎ᠠ᠃ ᠭᠤᠷᠪᠠᠨ ᠬᠠᠮᠵᠢᠯᠴᠠᠭ᠎ᠠ ᠶᠢ ᠴᠢᠩᠭᠠᠳᠬᠠᠵᠤ᠂ ᠤᠰᠤ ᠬᠡᠢ ᠳᠤᠯᠠᠭᠠᠯᠠᠭ᠎ᠠ ᠶᠢ | ᠮᠡᠳᠡᠭᠦᠯᠦᠨ ᠤᠭᠰᠠᠷᠠᠭᠤᠯᠬᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠰᠤ ᠬᠡᠢ ᠳᠤᠯᠠᠭᠠᠯᠠᠭ᠎ᠠ ᠶᠢᠨ ᠲᠤᠬᠠᠶᠢᠯᠠᠭᠰᠠᠨ ᠠᠵᠢᠯ ᠤᠨ | ᠰᠢᠰᠲ᠋ᠧᠮ ᠤᠨ ᠬᠠᠮᠵᠢᠯᠴᠠᠭ᠎ᠠ ᠶᠢ ᠴᠢᠩᠭᠠᠳᠬᠠᠵᠤ᠂ ᠪᠥᠬᠦ ᠶᠠᠪᠤᠴᠠ ᠪᠠᠷ ᠰᠦᠯᠵᠢᠶᠡᠨ ᠳᠡᠭᠡᠷ᠎ᠡ ᠭᠦᠢᠴᠡᠳᠬᠡᠨ᠂ ᠤᠰᠤ ᠬᠡᠢ ᠳᠤᠯᠠᠭᠠᠯᠠᠭ᠎ᠠ ᠶᠢ ᠮᠡᠳᠡᠭᠦᠯᠦᠨ | ᠤᠭᠰᠠᠷᠠᠭᠤᠯᠬᠤ ᠶᠢ 10 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠵᠦ ᠳᠠᠭᠤᠰᠬᠠᠬᠤ ᠬᠠᠷᠠᠯᠲᠠ ᠶᠢ ᠪᠡᠶᠡᠯᠡᠭᠦᠯᠦᠨ᠎ᠡ᠃ ᠭᠠᠳᠠᠭᠠᠳᠤ ᠱᠤᠭᠤᠮ ᠤᠨ ᠣᠯᠠᠨ | ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠵᠦ᠂ ᠪᠥᠬᠦ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠳᠤ ᠲᠦᠰᠢᠭᠯᠡᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠥᠷᠨᠢᠭᠦᠯᠦᠨ᠎ᠡ᠃ | ᠦᠢᠯᠡᠴᠢᠯᠡᠭᠡᠨ ᠤ ᠠᠵᠤ ᠠᠬᠤᠶᠢᠯᠠᠯ ᠤᠨ ᠣᠶᠤᠨᠴᠢᠯᠠᠭᠰᠠᠨ ᠪᠠᠶᠢᠭᠤᠯᠤᠯᠲᠠ ᠶᠢᠨ ᠬᠠᠮᠵᠢᠯᠴᠠᠭ᠎ᠠ ᠶᠢ ᠠᠬᠢᠭᠤᠯᠵᠤ᠂ ᠪᠦᠬᠦ ᠶᠠᠪᠤᠴᠠ ᠶᠢ ᠡᠯᠧᠺᠲᠷᠴᠢᠯᠡᠨ | ᠭᠦᠢᠴᠡᠳᠬᠡᠬᠦ ᠶᠢ ᠠᠬᠢᠭᠤᠯᠤᠨ᠎ᠠ᠃ ᠭᠤᠷᠪᠠᠨ ᠭᠤᠭᠴᠤᠭ᠎ᠠ ᠶᠢ ᠨᠢᠭᠡᠳᠦᠯᠲᠡᠶ ᠲᠥᠯᠥᠪᠯᠡᠵᠦ᠂ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠢᠳᠡᠪᠬᠢᠲᠡᠶ ᠪᠠᠷ ᠪᠤᠢ ᠪᠣᠯᠭᠠᠨ᠎ᠠ᠃ ᠠᠵᠢᠯ ᠶᠠᠪᠤᠳᠠᠯ ᠤᠨ ᠡᠮᠦᠨᠡᠬᠢ ᠬᠢᠨᠠᠨ ᠵᠥᠪᠰᠢᠶᠡᠷᠡᠬᠦ ᠠᠵᠢᠯ ᠢ ᠰᠢᠯᠢᠳᠡᠭᠵᠢᠭᠦᠯᠵᠦ᠂ ᠠᠵᠢᠯ ᠶᠠᠪᠤᠳᠠᠯ ᠤᠨ ᠶᠠᠪᠤᠴᠠ ᠳᠠᠬᠢ ᠪᠠ | ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ︽ᠮᠠᠲ᠋ᠧᠷᠢᠶᠠᠯ ᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ᠂ ᠴᠠᠭ ᠤᠨ | ᠬᠢᠵᠠᠭᠠᠷ ᠢ ᠪᠠᠭᠠᠰᠬᠠᠬᠤ︾ ᠠᠵᠢᠯ ᠢ ᠦᠷᠭᠦᠯᠵᠢᠯᠡᠨ ᠠᠬᠢᠭᠤᠯᠵᠤ᠂ ︽ᠴᠠᠭᠠᠰᠤ ᠬᠡᠷᠡᠭᠯᠡᠬᠦ ᠦᠭᠡᠢ ᠠᠵᠢᠯ ᠶᠠᠪᠤᠳᠠᠯ ᠭᠦᠢᠴᠡᠳᠬᠡᠬᠦ︾ ᠶᠢ ᠬᠠᠮᠤᠭ ᠤᠨ ᠶᠡᠭᠡ | ᠬᠡᠮᠵᠢᠶ᠎ᠡ ᠪᠠᠷ ᠪᠡᠶᠡᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠵᠦᠢᠯ ᠤᠨ ᠳᠦᠷᠢᠮ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠢᠨᠵᠧᠨᠧᠷᠢᠩ ᠤᠨ ᠶᠠᠰᠤ ᠴᠢᠨᠠᠷ ᠤᠨ ᠪᠠᠶᠢᠴᠠᠭᠠᠨ ᠰᠢᠯᠭᠠᠯᠲᠠ᠂ ᠭᠡᠷ ᠪᠠᠶᠢᠰᠢᠩ ᠭᠠᠵᠠᠷ ᠬᠦᠷᠦᠩᠭᠡ ᠶᠢᠨ ᠪᠣᠷᠤᠯᠠᠭᠤᠯᠭ᠎ᠠ᠂ ᠠᠳᠠᠯ ᠠᠬᠤᠢ ᠶᠢᠨ ᠦᠢᠯᠡᠴᠢᠯᠡᠭᠡ ᠵᠡᠷᠭᠡ | ᠲᠠᠯ᠎ᠠ ᠤᠨ ᠬᠢ ᠬᠠᠤᠯᠢ ᠬᠡᠷᠡᠭᠵᠢᠭᠦᠯᠦᠨ ᠪᠠᠶᠢᠴᠠᠭᠠᠯᠳᠠ ᠶᠢ ᠴᠢᠩᠭᠠᠳᠬᠠᠨ᠎ᠠ᠃ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ᠂ ᠬᠠᠤᠯᠢ ᠬᠡᠷᠡᠭᠵᠢᠭᠦᠯᠬᠦ ᠶᠢᠨ ᠪᠦᠷᠢᠨ | ᠪᠦᠲᠦᠨ ᠪᠢᠲᠡᠭᠦᠤ ᠴᠠᠭᠠᠷᠢᠭ ᠢ ᠪᠠᠶᠢᠭᠤᠯᠵᠤ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠢᠳᠡᠪᠬᠢᠲᠡᠶ ᠠᠬᠢᠭᠤᠯᠤᠨ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠵᠤ ᠠᠬᠤᠶᠢᠯᠠᠯ ᠤᠨ ᠲᠤᠰᠢᠶᠠᠨ ᠬᠠᠳᠠᠭᠠᠯᠠᠭᠤᠯᠬᠤ ᠳᠡᠩᠰᠡᠯᠡᠯᠲᠡ᠂ ᠠᠵᠢᠯᠲᠠᠨ ᠠᠵᠢᠯᠴᠢᠨ ᠢ | ᠣᠷᠣᠭᠤᠯᠬᠤ ᠵᠡᠷᠭᠡ ᠵᠦᠢᠯᠡᠰ ᠢ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠦᠷᠭᠦᠯᠵᠢᠯᠡᠨ ᠲᠡᠭᠦᠯᠳᠡᠷᠵᠢᠭᠦᠯᠵᠦ᠂ ᠭᠠᠷ ᠳᠠᠮᠵᠢᠭᠰᠠᠨ | ᠣᠷᠣᠨ ᠰᠠᠭᠤᠴᠠ ᠶᠢᠨ ᠠᠷᠠᠯᠵᠢᠶ᠎ᠠ᠂ ᠭᠠᠶᠢᠯᠢ ᠲᠤᠰᠢᠶᠠᠬᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ︽ᠨᠢᠭᠡ ᠴᠣᠩᠬᠤᠪᠴᠢ ᠪᠠᠷ ᠭᠥᠯᠢᠶᠡᠨ ᠠᠪᠴᠤ | ᠰᠢᠢᠳᠪᠦᠷᠢᠯᠡᠬᠦ︾ ᠪᠠ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠡᠷᠦᠬᠡ ᠰᠢᠯᠵᠢᠭᠦᠯᠬᠦ ᠶᠢ ᠬᠠᠮᠵᠢᠯᠴᠠᠨ ᠭᠦᠢᠴᠡᠳᠭᠡᠬᠦ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ ᠭᠡᠵᠦ | ᠴᠢᠬᠤᠯᠠᠴᠢᠯᠠᠪᠠ᠃ | | | | | | ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠥᠬᠦᠶ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ | ᠣᠷᠣᠯᠴᠠᠵᠤ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ | ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ | |