5 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ ᠪᠥᠬᠦ ᠣᠷᠣᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ᠂ ᠣᠷᠣᠨ ᠰᠠᠭᠤᠴᠠ ᠶᠢᠨ ᠪᠠᠲᠤᠯᠠᠭ᠎ᠠ ᠬᠢᠭᠡᠳ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠵᠢᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠵᠠᠢ᠂ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠾᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ ᠪᠥᠬᠦ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ᠂ ᠣᠷᠣᠨ ᠰᠠᠭᠤᠴᠠ ᠶᠢᠨ ᠪᠠᠲᠤᠯᠠᠭ᠎ᠠ ᠬᠢᠭᠡᠳ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠬᠡᠰᠡᠭ ᠠᠶᠢᠮᠠᠭ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠲᠥᠪ ᠨᠡᠶᠢᠲᠡᠯᠢᠭ ᠲᠤᠷᠰᠢᠯᠭ᠎ᠠ ᠶᠢᠨ ᠰᠣᠯᠢᠯᠴᠠᠭ᠎ᠠ ᠬᠢᠵᠡᠢ᠃ | | | | | | ᠬᠤᠷᠠᠯ ᠠᠴᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ︽ᠭᠡᠷ ᠪᠠᠶᠢᠰᠢᠩ ᠢ ᠰᠠᠭᠤᠬᠤ ᠳᠤ | ᠬᠡᠷᠡᠭᠯᠡᠬᠦ ᠠᠴᠠ ᠪᠢᠰᠢ ᠰᠠᠷᠢᠭᠠᠯᠠᠬᠤ ᠳᠤ ᠬᠡᠷᠡᠭᠯᠡᠬᠦ ᠪᠢᠰᠢ︾ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠨ᠂ ᠤᠯᠠᠨ ᠭᠤᠣᠯ ᠴᠣᠭᠴᠠ ᠠᠴᠠ ᠬᠠᠩᠭᠠᠬᠤ᠂ ᠤᠯᠠᠨ | ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠪᠠᠶᠢᠭᠤᠯᠬᠤ ᠶᠢ | ᠠᠬᠢᠭᠤᠯᠤᠨ᠂ ᠬᠤᠳᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠲᠣᠭᠲᠠᠭᠤᠨ ᠬᠥᠭᠵᠢᠯᠲᠡ ᠶᠢ ᠠᠬᠢᠭᠤᠯᠤᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠷᠣᠨ ᠰᠠᠭᠤᠴᠠ ᠶᠢᠨ ᠪᠠᠳᠤᠯᠠᠭ᠎ᠠ ᠶᠢᠨ ᠰᠢᠰᠲ᠋ᠧᠮ ᠢ | ᠦᠷᠭᠦᠯᠵᠢᠯᠡᠨ ᠲᠡᠭᠦᠯᠳᠡᠷᠵᠢᠭᠦᠯᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | | ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠠᠵᠢᠯ | ᠦᠪᠡᠷᠲᠡᠭᠡᠨ ᠵᠠᠰᠠᠬᠤ ᠣᠷᠣᠨ ᠤ ᠵᠠᠶᠢᠯᠠᠰᠢ ᠦᠭᠡᠢ ᠬᠡᠷᠡᠭᠯᠡᠭᠡ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠳᠡᠮᠵᠢᠬᠦ | ᠲᠠᠯ᠎ᠠ ᠪᠠᠷ ᠬᠢ ᠵᠢᠯᠤᠭᠤᠳᠬᠤ ᠰᠠᠨᠠᠯ ᠢ ᠨᠠᠶᠢᠳᠠᠪᠤᠷᠢᠵᠢᠭᠤᠯᠤᠨ᠂ ᠭᠠᠵᠠᠷ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ᠂ ᠶᠠᠪᠤᠭᠳᠠᠭᠤᠰᠢᠲᠠᠢ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠳᠡᠯ ᠢ ᠦᠨᠡᠨ | ᠬᠦ ᠰᠠᠶᠢᠲᠤᠷ ᠬᠢᠵᠦ᠂ ᠵᠠᠶᠢᠯᠠᠰᠢ ᠦᠭᠡᠢ ᠬᠡᠷᠡᠭᠯᠡᠭᠡ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠬᠦᠴᠦᠲᠡᠢ ᠳᠡᠮᠵᠢᠨ᠎ᠡ᠃ | ᠪᠠᠲᠤᠯᠠᠭᠠᠲᠤ ᠲᠤᠰᠢᠶᠠᠬᠤ ᠠᠰᠠᠷ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠲᠦᠷᠦᠭᠦᠯᠡᠨ ᠬᠢᠬᠦ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠂ ︽ᠨᠢᠭᠡ | ᠠᠰᠠᠷ ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠶᠢ ᠪᠠᠷᠢᠮᠲᠠᠯᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ | ᠲᠦᠷᠭᠡᠳᠬᠡᠨ ᠠᠬᠢᠭᠤᠯᠬᠤ ᠬᠡᠷᠡᠭᠲᠡᠶ᠃ ᠪᠡᠯᠡᠨ ᠪᠠᠶᠢᠭ᠎ᠠ ᠭᠡᠷ ᠪᠠᠶᠢᠰᠢᠩ ᠢ ᠪᠣᠷᠣᠯᠠᠭᠤᠯᠬᠤ ᠲᠤᠷᠰᠢᠯᠲᠠ ᠶᠢᠨ ᠴᠡᠭ ᠪᠣᠯᠬᠤ ᠬᠤᠲᠠ ᠤᠳ ᠨᠢ ᠪᠣᠳᠠᠲᠠᠶ ᠬᠡᠷᠡᠭᠵᠢᠭᠦᠯᠬᠦ | ᠲᠥᠰᠦᠯ ᠢᠶᠠᠨ ᠱᠠᠯᠠᠪᠳᠠᠨ ᠲᠣᠭᠲᠠᠭᠠᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠬᠢᠷᠠᠭᠤᠯᠵᠤ᠂ ᠲᠥᠷᠥᠯ ᠵᠦᠢᠯ ᠢ ᠲᠦᠷᠭᠡᠬᠡᠨ | ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠤᠷᠢᠳᠴᠢᠯᠠᠨ ᠬᠤᠳᠠᠯᠳᠤᠬᠤ ᠶᠢ ᠦᠷᠭᠦᠯᠵᠢᠯᠡᠨ ᠬᠡᠷᠡᠭᠵᠢᠭᠦᠯᠬᠦ ᠠᠶᠢᠮᠠᠭ | ᠬᠤᠲᠠ ᠶᠢᠨ ᠬᠢᠨ ᠬᠢᠨᠠᠯᠲᠠ ᠬᠠᠮᠢᠶᠠᠷᠤᠯᠲᠠ ᠪᠠᠨ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ | ᠬᠠᠮᠵᠢᠯᠴᠠᠭ᠎ᠠ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠪᠡᠯᠡ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡ ᠶᠢᠨ ᠦᠯᠡᠳᠡᠭᠳᠡᠯ | ᠠᠰᠠᠭᠤᠳᠠᠯ ᠢ ᠰᠢᠢᠳᠪᠦᠷᠢᠯᠡᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃ ᠭᠠᠷ ᠳᠠᠮᠵᠢᠭᠰᠠᠨ ᠣᠷᠣᠨ ᠰᠠᠭᠤᠴᠠ ᠶᠢᠨ ᠰᠦᠯᠵᠢᠶᠡᠨ ᠳᠡᠭᠡᠷ᠎ᠡ ᠳᠠᠩᠰᠠᠯᠠᠭᠤᠯᠬᠤ ᠶᠢ | ᠪᠡᠶᠡᠯᠡᠭᠦᠯᠦᠭᠡᠳᠦᠶ ᠠᠶᠢᠮᠠᠭ ᠬᠤᠲᠠ ᠨᠢ ᠬᠢᠨᠠᠨ ᠬᠠᠮᠢᠶᠠᠷᠤᠯᠳᠠ ᠶᠢᠨ ᠰᠢᠰᠲ᠋ᠧᠮ ᠢᠶᠠᠨ ᠱᠠᠯᠠᠪᠳᠠᠨ ᠳᠡᠰ ᠳᠡᠪᠰᠢᠭᠦᠯᠵᠦ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ | ᠳᠤᠮᠳᠠᠬᠢ ᠬᠥᠮᠥᠷᠭᠡ ᠪᠠᠶᠢᠭᠤᠯᠵᠤ᠂ ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠵᠤ ᠳᠠᠩᠰᠠᠯᠠᠬᠤ ᠲᠣᠤᠷ ᠴᠡᠭ ᠢ ᠥᠷᠭᠡᠳᠬᠡᠵᠦ᠂ ᠳᠡᠭᠡᠭᠰᠢ ᠳᠠᠮᠵᠢᠭᠤᠯᠤᠨ | ᠳᠠᠩᠰᠠᠯᠠᠨ ᠲᠡᠮᠳᠡᠭᠯᠡᠭᠰᠡᠨ ᠲᠤᠭ᠎ᠠ ᠪᠠᠷᠢᠮᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠦᠨ᠎ᠡ᠃ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ | ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠢᠯ ᠤᠨ ᠲᠤᠰᠬᠠᠶ ᠠᠩᠭᠢ ᠪᠠᠶᠢᠭᠤᠯᠤᠨ᠂ ᠰᠠᠯᠠᠭ᠎ᠠ ᠮᠥᠴᠢᠷ ᠠᠯᠤᠰᠯᠠᠨ ᠠᠬᠢᠭᠤᠯᠬᠤ | ᠠᠵᠢᠯ ᠤᠨ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠥᠬᠦᠶ ᠠᠵᠢᠯ ᠤᠨ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠳᠤᠯᠠᠨ᠎ᠠ᠃ | | ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ | ᠬᠠᠷᠢᠶ᠎ᠠ ᠭᠠᠵᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠴᠠᠭ ᠤᠨ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ ᠠᠵᠢᠯ ᠤᠨ | ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠨ᠂ ᠴᠠᠭ ᠤᠨ ᠳᠠᠷᠠᠭᠠᠯᠠᠯ ᠢᠶᠠᠷ ᠡᠯ᠎ᠡ ᠵᠦᠢᠯ ᠤᠨ ᠠᠵᠢᠯ ᠢ ᠠᠬᠢᠭᠤᠯᠵᠤ᠂ ᠵᠢᠯ ᠤᠨ ᠡᠴᠦᠰ ᠠᠴᠠ ᠡᠮᠦᠨ᠎ᠡ 2023 | ᠣᠨ ᠤ ᠠᠵᠢᠯ ᠤᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠵᠦ ᠪᠠᠶᠢᠭ᠎ᠠ | ᠨᠠᠢᠮᠠᠨ ᠠᠶᠢᠮᠠᠭ ᠬᠤᠲᠠ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠭᠡᠷ ᠪᠠᠶᠢᠰᠢᠩ ᠤᠨ ᠢᠷᠡᠯᠲᠡ ᠶᠢ ᠣᠯᠠᠨ ᠲᠠᠯ᠎ᠠ ᠪᠠᠷ ᠴᠤᠭᠯᠠᠭᠤᠯᠵᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠂ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ᠃ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ | ᠵᠥᠪᠰᠢᠶᠡᠷᠡᠨ ᠣᠷᠣᠭᠤᠯᠵᠤ ᠪᠤᠴᠠᠭᠠᠨ ᠭᠠᠷᠭᠠᠬᠤ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠵᠤ᠂ ᠪᠣᠳᠠᠲᠤ ᠪᠣᠳᠠᠰ ᠤᠨ ᠪᠠᠲᠤᠯᠠᠭ᠎ᠠ ᠪᠠ ᠲᠦᠷᠢᠶᠡᠰᠦᠯᠡᠯ ᠤᠨ | ᠨᠥᠬᠦᠪᠥᠷᠢ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠬᠤᠲᠠ ᠪᠠᠯᠭᠠᠰᠤ ᠶᠢᠨ ᠡᠷᠦᠬᠡ ᠠᠮᠠ ᠶᠢᠨ ᠬᠠᠷᠢᠶ᠎ᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ᠂ ᠣᠷᠣᠯᠭ᠎ᠠ | ᠪᠠᠭᠠᠲᠠᠶ ᠣᠷᠣᠨ ᠰᠠᠭᠤᠴᠠ ᠶᠢᠨ ᠬᠦᠴᠢᠷᠳᠡᠯᠲᠡᠶ ᠬᠡᠷ ᠪᠦᠯᠢ ᠶᠢᠨ ᠭᠤᠶᠤᠴᠢᠯᠠᠯ ᠢᠶᠠᠷ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠦᠨᠳᠦᠰᠦᠨ ᠳᠡᠭᠡᠨ | ᠪᠡᠶᠡᠯᠡᠭᠦᠯᠬᠦ ᠬᠡᠷᠡᠭᠲᠡᠶ᠃ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠣᠨ ᠤ ᠡᠭᠦᠷᠭᠡ ᠲᠠᠢ ᠶᠢᠰᠦᠨ ᠠᠶᠢᠮᠠᠭ ᠬᠤᠲᠠ ᠨᠢ ᠡᠯ᠎ᠡ ᠱᠠᠲᠤᠨ ᠤ ᠪᠡᠯᠡ | ᠮᠥᠩᠭᠦ ᠶᠢ ᠨᠢᠭᠡᠳᠦᠯᠲᠡᠶ ᠲᠥᠯᠥᠪᠯᠡᠬᠦ ᠡᠷᠴᠢᠮ ᠢᠶᠠᠨ ᠰᠢᠯᠢᠳᠡᠭᠵᠢᠭᠦᠯᠦᠨ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠡᠯᠡ ᠮᠥᠩᠭᠦ ᠴᠤᠭᠯᠠᠭᠤᠯᠵᠤ᠂ | ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠦᠨᠡᠨᠬᠦ ᠲᠦᠷᠭᠡᠳᠬᠡᠨ᠎ᠡ᠃ ᠡᠭᠦᠨ ᠤ | ᠬᠠᠮᠲᠤ᠂ ᠬᠤᠲᠠ ᠶᠢᠨ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠰᠠᠭᠤᠭᠠᠯᠢ ᠠᠷᠠᠳ ᠢ ᠲᠣᠭᠲᠠᠭᠰᠠᠨ ᠬᠤᠭᠤᠴᠠᠭᠠᠨ ᠳᠤ ᠪᠤᠴᠠᠭᠠᠨ ᠨᠡᠭᠦᠯᠭᠡᠵᠦ | ᠲᠥᠪᠬᠢᠨᠡᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠷᠴᠢᠮ ᠢ ᠴᠢᠩᠭᠠᠷᠠᠭᠤᠯᠤᠨ᠎ᠠ᠃ ᠣᠷᠣᠨ ᠰᠠᠭᠤᠴᠠ ᠶᠢᠨ ᠪᠠᠲᠤᠯᠠᠭ᠎ᠠ ᠶᠢᠨ ︽ᠡᠷᠬᠢᠨ ᠬᠠᠷᠠᠬᠤ︾ | ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠪᠥᠬᠦ ᠲᠠᠯ᠎ᠠ ᠪᠠᠷ ᠪᠠᠶᠢᠳᠠᠯ ᠢ ᠲᠣᠳᠣᠷᠬᠠᠶ ᠣᠶᠢᠯᠠᠭᠠᠵᠤ᠂ ᠥᠩᠭᠡᠷᠡᠭᠰᠡᠨ ᠵᠢᠯ ᠤᠳ ᠤᠨ ᠡᠭᠦᠷᠭᠡ ᠪᠠᠨ | ᠪᠡᠶᠡᠯᠡᠭᠦᠯᠦᠭᠰᠡᠨ ᠪᠠᠶᠢᠳᠠᠯ ᠢ ᠬᠢᠨᠠᠨ ᠬᠠᠷᠭᠤᠭᠤᠯᠵᠤ᠂ ᠲᠥᠷᠥᠯ ᠵᠦᠢᠯ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠬᠠᠮᠢᠶᠠᠷᠤᠯᠲᠠ ᠶᠢ | ᠵᠢᠷᠤᠮᠵᠢᠭᠤᠯᠬᠤ ᠬᠡᠷᠡᠭᠲᠡᠢ᠃ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠵᠢᠯ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠬᠤ᠂ ᠭᠠᠷᠭᠠᠨ | ᠠᠪᠬᠤ᠂ ᠵᠢᠭᠡᠯᠡᠯᠭᠡ ᠶᠢᠨ ᠬᠠᠮᠢᠶᠠᠷᠤᠯᠲᠠ ᠶᠢᠨ ᠠᠷᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠶᠢ ᠵᠢᠷᠤᠮᠵᠢᠭᠤᠯᠤᠨ ᠲᠣᠬᠢᠷᠠᠭᠤᠯᠤᠨ᠎ᠠ᠃ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ | ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠬᠤ ᠲᠤᠷᠰᠢᠯᠲᠠ ᠶᠢᠨ ᠴᠡᠭ ᠤᠨ ᠠᠵᠢᠯ ᠢ | ᠵᠣᠷᠢᠭᠵᠢᠭᠤᠯᠤᠨ ᠥᠷᠨᠢᠭᠦᠯᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ | ᠥᠷᠭᠡᠳᠬᠡᠨ᠎ᠡ᠃ ᠭᠠᠷᠭᠠᠨ ᠠᠪᠬᠤ ᠶᠢ ᠭᠤᠶᠤᠴᠢᠯᠠᠭᠴᠢ ᠶᠢᠨ ᠬᠡᠪᠴᠢᠶ᠎ᠡ ᠪᠣᠯᠤᠨ ᠭᠠᠷᠭᠠᠨ ᠠᠪᠬᠤ ᠪᠠᠶᠢᠳᠠᠯ ᠢ ᠵᠢᠷᠤᠮᠵᠢᠭᠤᠯᠤᠨ᠂ ᠭᠠᠷᠭᠠᠨ ᠠᠪᠬᠤ ᠲᠤᠭ᠎ᠠ ᠬᠡᠮᠵᠢᠶ᠎ᠡ | ᠪᠣᠯᠤᠨ ᠳᠠᠪᠲᠠᠮᠵᠢ ᠤᠳᠠᠭ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠬᠤ ᠦᠢᠯᠡᠴᠢᠯᠡᠭᠡᠨ ᠢ | ᠰᠢᠯᠢᠳᠡᠭᠵᠢᠭᠦᠯᠬᠦ ᠬᠡᠷᠡᠭᠲᠡᠶ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠠᠮᠢᠶᠠᠷᠤᠯᠲᠠ ᠶᠢᠨ ᠳᠦᠷᠢᠮ ᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠢᠭᠡᠯᠡᠯᠭᠡ ᠲᠠᠯᠪᠢᠬᠤ ᠠᠴᠠ ᠡᠮᠦᠨ᠎ᠡ ᠬᠢᠨᠠᠨ ᠪᠠᠶᠢᠴᠠᠭᠠᠬᠤ᠂ ᠵᠢᠭᠡᠯᠡᠭᠦᠯᠦᠭᠰᠡᠨ ᠤ ᠳᠠᠷᠠᠭᠠᠬᠢ ᠬᠠᠮᠢᠶᠠᠷᠤᠯᠲᠠ ᠶᠢ | ᠴᠢᠩᠭᠠᠳᠬᠠᠵᠤ᠂ ᠪᠡᠯᠡ ᠮᠥᠩᠭᠦ ᠶᠢᠨ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠶ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠦᠢᠯᠡᠴᠢᠯᠡᠭᠡ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ ᠢᠳᠡᠪᠬᠢᠲᠡᠶ ᠪᠠᠷ ᠠᠬᠢᠭᠤᠯᠤᠨ᠎ᠠ᠃ ᠲᠣᠭᠠᠴᠢᠯᠠᠯᠲᠠ ᠪᠠᠷ ᠡᠨᠧᠷᠭᠢ ᠣᠯᠭᠤᠬᠤ ᠶᠢ | ᠠᠬᠢᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠬᠢᠴᠠ ᠶᠢ | ᠲᠦᠷᠭᠡᠳᠬᠡᠵᠦ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠪᠠ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠡᠮᠬᠢ ᠵᠢᠷᠤᠮ ᠲᠠᠢ ᠠᠬᠢᠭᠤᠯᠤᠨ᠎ᠠ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢᠶᠠᠷᠢ ᠪᠠᠶᠢᠭᠤᠯᠤᠮᠵᠢ ᠶᠢᠨ | ᠬᠠᠷᠢᠶ᠎ᠠ ᠭᠠᠵᠠᠷ ᠲᠤᠨᠢ ᠰᠢᠯᠵᠢᠭᠦᠯᠦᠨ ᠲᠤᠰᠢᠶᠠᠬᠤ ᠠᠵᠢᠯ ᠢ ᠲᠦᠷᠭᠡᠳᠬᠡᠵᠦ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠡᠯᠡᠯᠴᠡᠭᠡᠷ ᠲᠣᠭᠲᠠᠬᠤ ᠶᠢ | ᠪᠦᠬᠦᠨ ᠢ ᠪᠡᠶᠡᠯᠡᠭᠦᠯᠬᠦ ᠪᠠᠷ ᠴᠢᠷᠮᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠣᠷᠣᠨ ᠰᠠᠭᠤᠴᠠ ᠶᠢᠨ ᠪᠠᠲᠤᠯᠠᠭ᠎ᠠ ᠬᠢᠭᠡᠳ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠤᠨ ᠬᠠᠮᠢᠶ᠎ᠠ ᠪᠥᠬᠦᠶ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠠᠵᠢᠯ ᠤᠨ ᠬᠠᠷᠢᠭᠤᠴᠠᠯᠭᠠᠲᠠᠨ ᠬᠤᠷᠠᠯ ᠳᠤ | ᠣᠷᠣᠯᠴᠠᠵᠠᠶ᠃ | |