ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠦᠨᠡᠯᠡᠨ ᠵᠢᠱᠢᠵᠦ ᠳ᠋ᠦᠩᠨᠡᠬᠦ ᠭᠦᠢᠴᠡᠳᠬᠡᠯ ᠲᠤᠭ᠎ᠠ ᠶᠢᠨ ᠰᠠᠨᠠᠯ ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/15
  ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠲᠥᠯᠥᠭᠡ᠂ 5 ᠳ᠋ᠤᠭᠠᠷ ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ ᠵᠡᠷᠭᠡ ᠭᠠᠵᠠᠷ ᠣᠷᠣᠨ ᠤ ᠠᠵᠦ ᠦᠢᠯᠡᠳᠪᠦᠷᠢ ᠶᠢᠨ ᠥᠭᠡᠷᠡᠴᠢᠯᠡᠯᠲᠡ ᠶᠢᠨ ᠠᠯᠪᠠᠨ ᠬᠡᠷ ᠢ ᠵᠣᠬᠢᠶᠠᠨ ᠪᠠᠶᠢᠭᠤᠯᠤᠨ ᠶᠠᠷᠢᠯᠴᠠᠬᠤ ᠬᠤᠷᠠᠯ ᠬᠤᠷᠠᠯᠳᠤᠭᠤᠯᠵᠠᠢ᠂ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠵᠠᠷ ᠤᠨ ᠳᠠᠷᠤᠭ᠎ᠠ ᠴᠧᠩ ᠶᠦᠨ ᠬᠤᠷᠠᠯ ᠢ ᠡᠷᠭᠢᠯᠡᠪᠡ᠃
22.jpg
  ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠵᠦ ᠦᠢᠯᠡᠳᠪᠦᠷᠢ ᠶᠢᠨ ᠥᠭᠡᠷᠡᠴᠢᠯᠡᠯᠲᠡ ᠶᠢᠨ ᠠᠯᠪᠠᠨ ᠬᠡᠷ ᠠᠴᠠ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠦᠨᠡᠯᠡᠨ ᠵᠢᠱᠢᠵᠦ ᠳ᠋ᠦᠩᠨᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠢ ᠲᠣᠭᠲᠠᠭᠠᠭᠰᠠᠨ ᠠᠬᠤᠶ ᠪᠠᠶᠢᠳᠠᠯ᠂ ᠪᠣᠳᠠᠲᠠᠶ ᠠᠭᠤᠯᠭ᠎ᠠ ᠶᠢ ᠨᠠᠷᠢᠨ ᠲᠠᠨᠢᠯᠴᠠᠭᠤᠯᠵᠤ᠂ ᠬᠠᠮᠢᠶ᠎ᠠ ᠪᠥᠬᠦᠶ ᠠᠶᠢᠮᠠᠭ ᠬᠤᠲᠠ ᠶᠢᠨ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠦᠨᠡᠯᠡᠯᠳᠡ ᠶᠢᠨ ᠭᠦᠢᠴᠡᠳᠬᠡᠯ ᠲᠤᠭ᠎ᠠ᠂ ᠦᠨᠡᠯᠡᠨ ᠵᠢᠱᠢᠬᠦ ᠠᠷᠭ᠎ᠠ ᠬᠡᠯᠪᠡᠷᠢ᠂ ᠦᠨᠡᠯᠡᠨ ᠵᠢᠱᠢᠬᠦ ᠭᠤᠤᠯᠳᠠᠯᠭ᠎ᠠ ᠵᠢᠴᠢ ᠬᠤᠪᠢ ᠪᠤᠳᠤᠬᠤ ᠲᠦᠷᠢᠮ ᠵᠡᠷᠭᠡ ᠶᠢᠨ ᠲᠣᠭᠤᠷᠢᠨ ᠳᠤ ᠶᠠᠷᠢᠯᠴᠠᠵᠤ᠂ ᠵᠠᠰᠠᠪᠤᠷᠢ ᠣᠷᠣᠭᠤᠯᠬᠤ ᠰᠠᠨᠠᠯ ᠪᠠ ᠰᠠᠨᠠᠭᠤᠯᠭ᠎ᠠ ᠳᠤᠷᠠᠳᠪᠠ᠃
222.jpg
  ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠠᠵᠦ ᠦᠢᠯᠡᠳᠪᠦᠷᠢ ᠶᠢᠨ ᠥᠭᠡᠷᠡᠴᠢᠯᠡᠯᠲᠡ ᠶᠢᠨ ᠠᠯᠪᠠᠨ ᠬᠡᠷ ᠬᠠᠮᠢᠶ᠎ᠠ ᠪᠥᠬᠦᠶ ᠰᠠᠨᠠᠯ ᠰᠠᠨᠠᠭᠤᠯᠭ᠎ᠠ ᠶᠢ ᠡᠮᠬᠢᠯᠡᠨ ᠬᠤᠷᠢᠶᠠᠩᠭᠤᠶᠢᠯᠠᠵᠤ᠂ 2023 ᠣᠨ ᠤ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ 2023 ᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠦᠨᠡᠯᠡᠨ ᠵᠢᠱᠢᠵᠦ ᠳ᠋ᠦᠩᠨᠡᠬᠦ ᠠᠵᠢᠯ ᠢ ᠴᠠᠭ ᠲᠤᠨᠢ ᠳᠣᠭᠢᠷᠠᠭᠤᠯᠤᠨ ᠥᠷᠨᠢᠭᠦᠯᠵᠦ᠂ ︽ᠦᠨᠡᠯᠡᠯᠲᠡ ᠪᠠᠷ ᠥᠭᠡᠷᠡᠴᠢᠯᠡᠯᠲᠡ ᠶᠢ ᠠᠬᠢᠭᠤᠯᠬᠤ᠂ ᠦᠨᠡᠯᠡᠯᠲᠡ ᠪᠠᠷ ᠬᠡᠷᠡᠭᠯᠡᠯᠲᠡ ᠶᠢ ᠠᠬᠢᠭᠤᠯᠬᠤ᠂ ᠦᠨᠡᠯᠡᠬᠦ ᠪᠠᠶᠢᠭᠤᠯᠬᠤ ᠶᠢ ᠤᠶᠠᠯᠳᠤᠭᠤᠯᠬᠤ︾ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ