ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ ᠤᠶᠤᠨᠲᠤ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠤᠨ ᠲᠤᠬᠠᠶ ᠶᠢᠨ ᠭᠠᠵᠠᠷ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2023/5/15
  ᠤᠶᠤᠨᠲᠤ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠤᠨ ᠲᠠᠭᠤᠷᠢᠶᠠᠮᠠᠯ ᠠᠵᠢᠯᠯᠠᠭᠠᠨ ᠢ ᠪᠦᠲᠦᠮᠵᠢᠲᠡᠶ ᠠᠬᠢᠭᠤᠯᠵᠤ᠂ ᠰᠢᠰᠲ᠋ᠧᠮ ᠤᠨ ᠡᠯ᠎ᠡ ᠴᠢᠳᠠᠮᠵᠢ ᠶᠢᠨ ᠲᠣᠭᠲᠠᠪᠤᠷᠢᠲᠤ ᠴᠢᠨᠠᠷ ᠢ ᠤᠯᠠᠮ ᠨᠢᠭᠡ ᠠᠯᠬᠤᠮ ᠰᠢᠯᠭᠠᠨ ᠪᠠᠲᠤᠯᠠᠬᠤ ᠶᠢᠨ ᠲᠥᠯᠥᠭᠡ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ ᠣᠷᠳᠣᠰ ᠬᠤᠲᠠ᠂ ᠤᠯᠠᠭᠠᠨᠴᠠᠪ ᠬᠤᠲᠠ᠂ ᠤᠯᠠᠭᠠᠨᠬᠠᠳᠠ ᠬᠤᠲᠠ ᠳᠤ ᠤᠶᠤᠨᠲᠤ ᠪᠠᠷᠢᠯᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠤᠨ ᠲᠤᠬᠠᠶ ᠶᠢᠨ ᠭᠠᠵᠠᠷ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ᠃  ᠲᠣᠰ ᠤᠳᠠᠭᠠᠨ ᠤ ᠪᠣᠯᠪᠠᠰᠤᠷᠠᠯ ᠳᠤ ᠣᠶᠤᠨᠴᠢ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠤᠨ ᠡᠯ᠎ᠡ ᠴᠢᠳᠠᠮᠵᠢ ᠶᠢᠨ ᠬᠡᠰᠡᠭ ᠤᠨ ᠠᠵᠢᠯᠯᠠᠭᠠᠨ ᠤ ᠶᠠᠪᠤᠴᠠ ᠶᠢ ᠨᠠᠷᠢᠨ ᠲᠠᠶᠢᠯᠪᠤᠷᠢᠯᠠᠵᠤ᠂ ᠬᠠᠮᠢᠶ᠎ᠠ ᠪᠥᠬᠦᠶ ᠮᠠᠳᠠᠭ ᠲᠠᠢ ᠠᠰᠠᠭᠤᠳᠠᠯ ᠢ ᠬᠠᠷᠢᠭᠤᠯᠬᠤ ᠶᠢᠨ ᠬᠠᠮᠲᠤ ᠲᠤᠬᠠᠶ ᠶᠢᠨ ᠭᠠᠵᠠᠷ ᠤᠨ ᠲᠤᠷᠰᠢᠯᠲᠠ ᠶᠢᠨ ᠲᠥᠷᠥᠯ ᠵᠦᠢᠯ ᠪᠠ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠰᠣᠩᠭᠤᠨ ᠶᠠᠰᠤ ᠴᠢᠨᠠᠷ᠂ ᠠᠮᠤᠷ ᠲᠦᠪᠰᠢᠨ᠂ ᠪᠠᠶᠢᠴᠠᠭᠠᠨ ᠰᠢᠯᠭᠠᠬᠤ ᠬᠢᠨᠠᠨ ᠬᠠᠮᠢᠶᠠᠷᠤᠯᠳᠠ ᠶᠢᠨ ᠬᠤᠪᠢᠶᠠᠷᠢ ᠰᠢᠰᠲ᠋ᠧᠮ ᠤᠨ ᠡᠯ᠎ᠡ ᠴᠢᠳᠠᠮᠵᠢ ᠶᠢᠨ ᠬᠡᠰᠡᠭ ᠲᠤ ᠲᠤᠬᠠᠶ ᠶᠢᠨ ᠭᠠᠵᠠᠷ ᠤᠨ ᠲᠠᠭᠤᠷᠢᠶᠠᠮᠠᠯ ᠠᠵᠢᠯᠯᠠᠭᠠᠨ ᠤ ᠦᠵᠡᠭᠦᠯᠦᠯᠭᠡ ᠬᠢᠵᠡᠶ᠃
33.jpg
333.jpg
  ᠪᠣᠯᠪᠠᠰᠤᠷᠠᠯ ᠢᠶᠠᠷ ᠳᠡᠮᠵᠢᠨ᠂ ᠲᠤᠬᠠᠶ ᠶᠢᠨ ᠭᠠᠵᠠᠷ ᠤᠨ ᠰᠢᠰᠲ᠋ᠧᠮ ᠤᠨ ᠬᠡᠷᠡᠭᠯᠡᠭᠡᠨ ᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠠᠮᠢᠶ᠎ᠠ ᠪᠥᠬᠦᠶ ᠠᠵᠢᠯ ᠡᠷᠭᠢᠯᠡᠭᠰᠡᠳ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠠᠭᠠᠴᠢ ᠶᠢᠨ ᠠᠯᠬᠤᠮ ᠤᠨ ᠰᠢᠰᠲ᠋ᠧᠮ ᠢ ᠬᠡᠷᠡᠭᠯᠡᠭᠡᠨ ᠳᠤ ᠣᠷᠣᠭᠤᠯᠬᠤ ᠳᠤ ᠰᠠᠶᠢᠨ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃  ᠣᠷᠳᠣᠰ ᠬᠤᠲᠠ᠂ ᠤᠯᠠᠭᠠᠨᠴᠠᠪ ᠬᠤᠲᠠ᠂ ᠤᠯᠠᠭᠠᠨᠬᠠᠳᠠ ᠬᠤᠲᠠ ᠶᠢᠨ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ᠂ ᠬᠠᠮᠢᠶ᠎ᠠ ᠪᠥᠬᠦᠶ ᠠᠵᠤ ᠠᠬᠤᠶᠢᠯᠠᠯ ᠤᠨ ᠰᠢᠰᠲ᠋ᠧᠮ ᠤᠨ ᠬᠡᠷᠡᠭᠯᠡᠭᠡᠨ ᠤ ᠠᠵᠢᠯᠲᠠᠨ ᠨᠡᠶᠢᠲᠡ 330 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠵᠠᠶ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ