ᠪᠤᠭᠤᠲᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠣᠬᠢᠷᠲᠤᠯ ᠥᠬᠡᠶ ᠪᠠᠷᠢᠯᠭ᠎ᠠ ᠶᠢ ᠶᠡᠬᠡᠪᠡᠷ | ᠬᠥᠭᠵᠢᠭᠦᠯᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠴᠡᠭ ᠠᠴᠠ ᠪᠥᠬᠦ ᠲᠠᠯ᠎ᠠ ᠪᠠᠷ | ᠬᠡᠪᠴᠢᠶᠡᠵᠢᠭᠦᠯᠦᠨ ᠬᠥᠭᠵᠢᠭᠦᠯᠬᠦ ᠪᠣᠬᠢᠷᠲᠤᠯ ᠥᠬᠡᠶ ᠪᠠᠷᠢᠯᠭ᠎ᠠ ᠶᠢ ᠬᠡᠪᠴᠢᠶᠡᠵᠢᠭᠦᠯᠦᠨ ᠬᠥᠭᠵᠢᠭᠦᠯᠵᠦ᠂ ᠪᠣᠬᠢᠷᠲᠤᠯ ᠥᠬᠡᠶ ᠪᠠᠷᠢᠯᠭ᠎ᠠ ᠪᠠᠷ ᠭᠤᠤᠯ ᠬᠡᠯᠪᠡᠷᠢ | ᠪᠣᠯᠭᠠᠭᠰᠠᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠷᠭᠦᠯᠵᠢᠯᠡᠨ ᠬᠥᠭᠵᠢᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠠᠢ᠃ | ᠠᠵᠢᠯ ᠤᠨ ᠬᠢᠯᠠᠰ ᠴᠡᠭ | ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠨ᠂ ᠪᠣᠬᠢᠷᠲᠤᠯ ᠦᠭᠡᠶ ᠪᠠᠷᠢᠯᠭ᠎ᠠ ᠶᠢ ᠬᠡᠪᠴᠢᠶᠡᠵᠢᠭᠦᠯᠦᠨ ᠬᠥᠭᠵᠢᠭᠦᠯᠬᠦ ᠶᠢ ᠲᠦᠯᠬᠢᠨ | ᠠᠬᠢᠭᠤᠯᠵᠠᠢ᠃ ᠪᠤᠭᠤᠲᠤ ᠬᠤᠲᠠ ᠶᠢᠨ ᠵᠠᠰᠠᠭ ᠤᠨ ᠣᠷᠳᠣᠨ ︽ᠪᠣᠬᠢᠷᠲᠤᠯ ᠥᠬᠡᠶ ᠪᠠᠷᠢᠯᠭ᠎ᠠ ᠶᠢᠨ ᠠᠵᠢᠯᠯᠠᠭ᠎ᠠ ᠶᠢᠨ ᠲᠥᠰᠦᠯ︾᠂ ︽ᠪᠤᠭᠤᠲᠤ ᠬᠤᠲᠠ ᠶᠢᠨ | ᠪᠠᠷᠢᠯᠭ᠎ᠠ ᠶᠢᠨ ᠬᠦᠷᠢᠶᠡᠨ ᠳᠠᠬᠢ ᠳᠤᠤᠷ᠎ᠠ ᠨᠡᠭᠦᠷᠡᠰᠦᠲᠥ᠋ᠷᠥᠭᠴᠢᠲᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2021 - 2023 ᠣᠨ︶︾ ᠵᠡᠷᠭᠡ | ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ ᠳᠠᠷᠤᠮᠠᠯᠯᠠᠨ ᠲᠠᠷᠬᠠᠭᠠᠵᠤ᠂ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠬᠠᠷᠠᠯᠲᠠ᠂ | ᠭᠤᠤᠯᠳᠠᠯᠭ᠎ᠠ ᠲᠠᠢ ᠡᠭᠦᠷᠭᠡ ᠵᠢᠴᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠬᠦ | ᠢᠨᠵᠧᠨᠧᠷᠢᠩ ᠤᠨ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠪᠡ᠃ ᠣᠳᠣᠬᠠᠨ ᠳᠤ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠭᠰᠠᠨ ᠪᠣᠬᠢᠷᠲᠤᠯ ᠦᠭᠡᠶ | ᠪᠠᠷᠢᠯᠭ᠎ᠠ ᠶᠢᠨ ᠲᠠᠯᠠᠪᠠᠶ ᠨᠡᠶᠢᠲᠡ 1300 ᠲᠦᠮᠡᠨ ᠲᠡᠭᠰᠢ ᠳᠥᠷᠪᠡᠯᠵᠢᠨ ᠮᠧᠲᠷ ᠰᠢᠬᠠᠮ ᠪᠠᠶᠢᠵᠤ᠂ ᠪᠠᠷᠢᠯᠭ᠎ᠠ ᠶᠢᠨ ᠵᠢᠷᠤᠭ ᠢᠶᠠᠷ ᠳᠠᠮᠵᠢᠭᠤᠯᠤᠨ ᠬᠢᠨᠠᠨ | ᠪᠠᠶᠢᠴᠠᠭᠠᠭᠰᠠᠨ ᠪᠣᠬᠢᠷᠲᠤᠯ ᠦᠭᠡᠶ ᠪᠠᠷᠢᠯᠭ᠎ᠠ ᠶᠢᠨ ᠲᠠᠯᠠᠪᠠᠶ ᠪᠠᠷᠤᠭ 2000 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠪᠣᠬᠢᠷᠲᠤᠯ ᠦᠭᠡᠶ ᠪᠠᠷᠢᠯᠭ᠎ᠠ ᠶᠢᠨ | ᠲᠡᠮᠳᠡᠭ ᠣᠯᠤᠭᠰᠠᠨ ᠪᠠᠷᠢᠯᠭ᠎ᠠ ᠨᠡᠶᠢᠲᠡ 12 ᠲᠥᠷᠥᠯ ᠵᠦᠢᠯ ᠪᠠᠷᠤᠭ 200 ᠲᠦᠮᠡᠨ ᠲᠡᠭᠰᠢ ᠳᠥᠷᠪᠡᠯᠵᠢᠨ ᠮᠧᠲᠷ ᠰᠢᠬᠠᠮ ᠪᠠᠶᠢᠨ᠎ᠠ᠃ | ᠪᠣᠬᠢᠷᠲᠤᠯ ᠦᠭᠡᠶ ᠪᠠᠷᠢᠯᠭ᠎ᠠ ᠶᠢᠨ ᠬᠡᠷᠡᠭᠵᠢᠭᠦᠯᠬᠦ ᠬᠡᠪᠴᠢᠶ᠎ᠡ ᠶᠢ ᠲᠣᠳᠣᠷᠬᠠᠶᠢᠯᠠᠵᠤ᠂ ᠣᠳᠣᠨ ᠲᠠᠰ ᠤᠨ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢ | ᠠᠬᠢᠭᠤᠯᠵᠠᠢ᠃ ᠪᠤᠭᠤᠲᠤ ᠬᠤᠲᠠ ᠶᠢᠨ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠠᠯᠪᠠᠯᠠᠬᠤ ᠪᠠᠷᠢᠯᠭ᠎ᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠᠷᠢᠯᠭ᠎ᠠ᠂ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠲᠠᠩ ᠴᠣᠭᠴᠠᠲᠤ ᠪᠠᠷᠢᠯᠭ᠎ᠠ ᠶᠢᠨ ᠲᠠᠯᠠᠪᠠᠶ ᠨᠢ 2 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠲᠣᠮᠣ | ᠬᠡᠯᠪᠡᠷᠢ ᠶᠢᠨ ᠣᠯᠠᠨ ᠨᠡᠶᠢᠲᠡ ᠶᠢᠨ ᠪᠠᠷᠢᠯᠭ᠎ᠠ᠂ ᠪᠠᠷᠢᠯᠭ᠎ᠠ ᠶᠢᠨ ᠲᠠᠯᠠᠪᠠᠶ ᠨᠢ 5 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠣᠷᠣᠨ ᠰᠠᠭᠤᠴᠠ ᠶᠢᠨ | ᠰᠠᠭᠤᠭᠠᠯᠢ ᠲᠣᠭᠤᠷᠢᠭ᠂ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠣᠭᠤᠷᠢᠭ᠂ ᠪᠣᠬᠢᠷᠲᠤᠯ ᠥᠬᠡᠶ ᠠᠮᠢ ᠠᠬᠤᠶ ᠶᠢᠨ ᠬᠤᠲᠠ ᠶᠢᠨ ᠲᠣᠭᠤᠷᠢᠭ ᠵᠡᠷᠭᠡ ︽ | ᠳᠥᠷᠪᠡᠨ ᠲᠥᠷᠥᠯ︾ ᠤᠨ ᠪᠠᠷᠢᠯᠭ᠎ᠠ ᠶᠢ ᠤᠷᠢᠳᠠᠪᠠᠷ ᠣᠳᠣᠨ ᠲᠠᠰ ᠤᠨ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠪᠠᠷ ᠵᠢᠷᠤᠵᠤ ᠲᠥᠯᠥᠪᠯᠡᠨ ᠪᠠᠶᠢᠭᠤᠯᠵᠠᠢ᠃ | ᠬᠤᠳᠠᠯᠳᠤᠭᠠᠨ ᠤ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠲᠦᠷᠦᠯ ᠵᠦᠢᠯ ᠢ ᠢᠳᠡᠪᠬᠢᠲᠡᠢ ᠬᠦᠲᠦᠯᠦᠨ ᠵᠢᠯᠤᠭᠤᠳᠴᠤ ᠪᠠᠶᠢᠭᠠᠳ ᠦᠨᠳᠦᠷ ᠣᠳᠣᠨ | ᠳᠡᠰ ᠤᠨ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ | ᠪᠣᠬᠢᠷᠳᠤᠯ ᠦᠭᠡᠢ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠪᠠᠶᠢᠭᠤᠯᠬᠤ ᠶᠢ ᠵᠣᠷᠢᠬᠵᠢᠭᠤᠯᠵᠤ᠂ ᠪᠣᠬᠢᠷᠳᠤᠯ ᠦᠭᠡᠢ ᠪᠠᠷᠢᠯᠭ᠎ᠠ ᠶᠢᠨ ᠮᠡᠷᠭᠡᠵᠢᠯ ᠤᠨ ᠣᠷᠣᠨ | ᠪᠦᠰᠡ ᠶᠢᠨ ᠬᠤᠷᠠᠮᠠᠯ ᠬᠡᠷᠡᠭᠯᠡᠯᠲᠡ ᠶᠢ ᠴᠢᠬᠤᠯᠠᠴᠢᠯᠠᠵᠤ᠂ ᠪᠣᠬᠢᠷᠳᠤᠯ ᠦᠭᠡᠢ ᠠᠮᠢ ᠠᠬᠤᠢ ᠶᠢᠨ ᠬᠤᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠶᠢ ᠶᠡᠭᠡ ᠪᠠᠷ | ᠠᠬᠢᠭᠤᠯᠵᠠᠢ᠃ | ᠪᠣᠬᠢᠷᠲᠤᠯ ᠥᠬᠡᠶ ᠪᠠᠷᠢᠯᠭ᠎ᠠ ᠶᠢᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠠᠢ᠃ ᠪᠣᠬᠢᠷᠳᠦᠯ ᠦᠭᠡᠢ ᠪᠡᠷᠢᠯᠭ᠎ᠠ ᠶᠢᠨ ᠠᠵᠢᠯᠯᠠᠭ᠎ᠠ ᠶᠢ ᠭᠡᠷᠡᠭᠵᠢᠬᠦᠯᠥᠭᠰᠡᠨ ᠪᠠᠶᠢᠳᠠᠯ ᠢ ᠪᠡᠷᠢᠯᠭ᠎ᠠ ᠶᠢᠨ ᠠᠵᠢᠯ ᠤᠨ | ᠵᠢᠷᠤᠭ ᠤᠨ ᠬᠢᠨᠡᠨ ᠪᠠᠶᠢᠴᠠᠭᠠᠯᠲᠠ᠂ ᠪᠡᠷᠢᠯᠭ᠎ᠠ ᠶᠢᠨ ᠢᠨᠵᠧᠨᠧᠷᠢᠩ ᠤᠨ ᠶᠠᠰᠣ ᠴᠢᠨᠡᠷ ᠵᠡᠷᠭᠡ ᠶᠢᠨ ᠪᠠᠶᠢᠴᠠᠭᠠᠬᠤ ᠬᠦᠷᠢᠶ᠎ᠡ ᠬᠡᠪᠴᠢᠶᠡᠨ ᠳᠤ ᠣᠷᠣᠭᠤᠯᠵᠦ᠂ ᠪᠣᠬᠢᠷᠳᠦᠯ | ᠦᠭᠡᠢ ᠪᠡᠷᠢᠯᠭ᠎ᠠ ᠶᠢᠨ ᠳᠡᠰ ᠳᠡᠷᠡᠭᠠᠯᠠᠯ ᠢᠶᠠᠷ ᠬᠠᠮᠢᠶᠠᠷᠤᠯᠳᠠ ᠶᠢ ᠴᠢᠩᠳᠡᠯᠡᠵᠦ᠂ ᠪᠢᠳᠡᠬᠦᠮᠵᠢᠯᠡᠭᠰᠡᠨ ᠬᠠᠮᠢᠶᠡᠷᠦᠯᠳᠡ ᠶᠢᠨ ᠲᠣᠠᠠᠳᠡᠴᠠ ᠶᠢ ᠪᠠᠶᠢᠭᠤᠯᠤᠨ᠂ | ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠳᠤ ᠣᠷᠣᠯᠴᠬᠠᠰᠠᠨ ᠡᠯ᠎ᠠ ᠳᠡᠯ᠎ᠠ ᠶᠢᠨ ᠪᠣᠬᠢᠷᠳᠦᠯ ᠦᠭᠡᠢ ᠪᠠᠶᠢᠭᠤᠯᠬᠤ ᠪᠡᠷᠢᠮᠵᠢᠶ᠎ᠠ ᠶᠢᠨ ᠬᠢᠨᠡᠯᠳᠡ ᠬᠠᠮᠢᠶᠡᠷᠦᠯᠳᠡ ᠶᠢ | ᠭᠡᠷᠡᠭᠵᠢᠬᠦᠯᠬᠦ ᠶᠢ ᠴᠢᠩᠭᠠᠳᠬᠠᠵᠠᠢ᠃ ᠪᠦᠲᠦᠭᠡᠨ ᠪᠠᠶᠢᠭᠤᠯᠬᠤ᠂ ᠪᠠᠷᠢᠯᠭ᠎ᠠ ᠪᠠᠷᠢᠬᠤ᠂ ᠵᠢᠷᠤᠭᠯᠠᠨ ᠲᠥᠯᠥᠪᠯᠡᠬᠦ᠂ ᠬᠢᠨᠠᠨ ᠬᠠᠮᠢᠶᠠᠷᠤᠯᠳᠠ ᠵᠢᠴᠢ ᠪᠠᠷᠢᠯᠭ᠎ᠠ ᠪᠠᠷᠢᠬᠤ | ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠪᠣᠬᠢᠷᠲᠤᠯ ᠦᠭᠡᠶ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠠᠬᠢ ᠬᠠᠷᠢᠭᠤᠴᠠᠯᠭ᠎ᠠ ᠶᠢ ᠨᠠᠷᠢᠯᠢᠭᠵᠢᠭᠤᠯᠤᠨ | ᠲᠣᠳᠣᠷᠬᠠᠶᠢᠯᠠᠵᠤ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠤᠶᠠᠷ ᠢ ᠲᠠᠰᠢᠷᠠᠮ ᠲᠠᠭᠠᠤ ᠨᠢᠭᠡ ᠶᠢ ᠢᠯᠡ ᠪᠣᠯᠭᠠᠬᠤ ᠲᠤᠰᠬᠠᠶ | ᠵᠦᠢᠯ ᠤᠨ ᠪᠠᠶᠢᠴᠠᠭᠠᠯᠲᠠ ᠶᠢ ᠥᠷᠨᠢᠭᠦᠯᠵᠦ᠂ ᠪᠣᠬᠢᠷᠲᠤᠯ ᠦᠭᠡᠶ ᠪᠠᠷᠢᠯᠭ᠎ᠠ ᠪᠠᠷ ᠭᠤᠤᠯ ᠬᠡᠯᠪᠡᠷᠢ ᠪᠣᠯᠭᠠᠭᠰᠠᠨ ᠪᠠᠷᠢᠯᠭ᠎ᠠ ᠶᠢᠨ ᠵᠠᠭᠪᠤᠷ ᠢ ᠠᠯᠬᠤᠮ ᠠᠯᠬᠤᠮ ᠢᠶᠠᠷ ᠪᠣᠶ | ᠪᠣᠯᠭᠠᠵᠠᠢ᠃ | ᠲᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ | ᠪᠣᠬᠢᠷᠲᠤᠯ ᠥᠬᠡᠶ ᠪᠠᠷᠢᠯᠭ᠎ᠠ ᠶᠢᠨ ᠠᠵᠢᠯ ᠤᠨ ᠭᠤᠤᠯᠳᠠᠯᠭ᠎ᠠ ᠶᠢ ᠬᠡᠪᠴᠢᠶ᠎ᠡ ᠪᠠᠨ ᠥᠷᠭᠡᠳᠬᠡᠵᠦ ᠪᠠᠶᠢᠭᠰᠠᠨ ᠠᠴᠠ ᠪᠠᠨ ᠶᠠᠰᠤ ᠴᠢᠨᠠᠷ ᠢ ᠳᠡᠭᠡᠭᠰᠢᠯᠡᠭᠦᠯᠬᠦ ᠪᠣᠯᠭᠠᠨ | ᠬᠤᠪᠢᠷᠠᠭᠤᠯᠵᠤ᠂ ᠡᠷᠡᠭᠦᠯ ᠪᠠᠷᠢᠯᠭ᠎ᠠ᠂ ᠠᠮᠢ ᠠᠬᠤᠶᠢᠳᠦ ᠪᠠᠷᠢᠯᠭ᠎ᠠ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷᠢᠯᠭ᠎ᠠ ᠵᠡᠷᠭᠡ ᠰᠢᠨ᠎ᠡ ᠣᠶᠢᠯᠠᠭᠠᠭᠳᠠᠬᠤᠨ᠂ | ᠰᠢᠨ᠎ᠡ ᠮᠡᠷᠭᠡᠵᠢᠯ ᠢ ᠰᠢᠩᠭᠡᠭᠡᠨ ᠠᠪᠴᠤ᠂ ᠪᠣᠬᠢᠷᠲᠤᠯ ᠥᠬᠡᠶ ᠪᠠᠷᠢᠯᠭ᠎ᠠ ᠶᠢᠨ ᠠᠭᠤᠯᠤᠭᠳᠠᠬᠤᠨ ᠢ ᠤᠯᠠᠮ ᠨᠢᠭᠡ ᠠᠯᠬᠤᠮ ᠪᠠᠶᠠᠯᠢᠭᠵᠢᠭᠤᠯᠬᠤ ᠪᠣᠯᠤᠨ᠎ᠠ᠃ ᠪᠣᠬᠢᠷᠲᠤᠯ | ᠦᠭᠡᠶ ᠪᠠᠷᠢᠯᠭ᠎ᠠ ᠶᠢ ᠶᠡᠭᠡ ᠪᠠᠷ ᠳᠡᠯᠭᠡᠷᠡᠭᠦᠯᠵᠦ᠂ ᠵᠢᠱᠢᠶ᠎ᠡ ᠦᠵᠡᠭᠦᠯᠬᠦ ᠴᠢᠨᠠᠷᠲᠠᠶ ᠪᠣᠬᠢᠷᠲᠤᠯ ᠦᠭᠡᠶ ᠠᠮᠢ ᠠᠬᠤᠶ ᠶᠢᠨ ᠰᠠᠭᠤᠭᠠᠯᠢ ᠲᠣᠭᠤᠷᠢᠭ᠂ ᠪᠣᠬᠢᠷᠲᠤᠯ ᠦᠭᠡᠶ | ᠰᠤᠷᠭᠠᠭᠤᠯᠢ᠂ ᠪᠣᠬᠢᠷᠲᠤᠯ ᠦᠭᠡᠶ ᠬᠦᠷᠢᠶᠡᠯᠡᠩ ᠲᠣᠭᠤᠷᠢᠭ ᠢ ᠢᠳᠡᠪᠬᠢᠲᠡᠶ ᠪᠠᠷ ᠪᠣᠶ ᠪᠣᠯᠭᠠᠨ᠂ ᠪᠣᠬᠢᠷᠲᠤᠯ ᠦᠭᠡᠶ ᠬᠤᠲᠠ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠪᠣᠬᠢᠷᠲᠤᠯ ᠥᠬᠡᠶ ᠪᠠᠷᠢᠯᠭ᠎ᠠ ᠶᠢᠨ ᠠᠭᠤᠯᠬᠤᠨ ᠶᠢ ᠥᠷᠭᠡᠳᠬᠡᠵᠦ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ᠂ ᠤᠭᠰᠠᠷᠠᠮᠠᠯ ᠮᠠᠶ᠋ᠢᠭ ᠤᠨ | ᠪᠠᠷᠢᠯᠭ᠎ᠠ ᠵᠡᠷᠭᠡ ᠪᠣᠬᠢᠷᠲᠤᠯ ᠥᠬᠡᠶ ᠪᠠᠷᠢᠯᠭ᠎ᠠ ᠶᠢᠨ ᠠᠷᠭ᠎ᠠ ᠮᠠᠶ᠋ᠢᠭ᠂ ᠪᠣᠬᠢᠷᠲᠤᠯ ᠥᠬᠡᠶ ᠪᠠᠷᠢᠯᠭ᠎ᠠ ᠶᠢᠨ ᠡᠵᠡᠩᠨᠡᠯᠲᠡ ᠬᠠᠮᠢᠶᠠᠷᠤᠯᠲᠠ ᠵᠡᠷᠭᠡ ᠶᠢ ᠪᠣᠬᠢᠷᠲᠤᠯ ᠥᠬᠡᠶ | ᠪᠠᠷᠢᠯᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢᠨ ᠠᠭᠤᠯᠭ᠎ᠠ ᠳᠤ ᠣᠷᠣᠭᠤᠯᠤᠨ ᠪᠠᠷᠢᠯᠭ᠎ᠠ ᠶᠢᠨ ᠪᠥᠬᠦ ᠶᠠᠪᠤᠴᠠ ᠶᠢᠨ ᠪᠣᠬᠢᠷᠲᠤᠯ ᠥᠬᠡᠶ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | |