﹇ᠪᠦᠬᠦ ᠣᠷᠣᠨ ᠤ ᠪᠠᠷᠢᠮᠵᠢᠶ᠎ᠠ ᠨᠣᠷᠮ᠎ᠠ ᠪᠠ ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠲᠤᠷᠰᠢᠯᠭ᠎ᠠ﹈  ᠢᠲᠡᠭᠡᠯ ᠵᠣᠷᠢᠭ ᠢᠶᠠᠨ ᠪᠠᠲᠤᠳᠬᠠᠵᠤ ᠰᠡᠳᠬᠢᠯ ᠬᠦᠴᠦᠨ ᠢᠶᠠᠨ ᠨᠢᠭᠡᠳᠴᠦ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2023/5/16
  ᠬᠢᠩᠭᠠᠨ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠷᠠᠰᠢᠶᠠᠨ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠣᠬᠢᠷᠲᠤᠯ ᠥᠬᠡᠶ ᠬᠥᠭᠵᠢᠯᠲᠡ ᠶᠢᠨ ᠲᠤᠷᠰᠢᠯᠲᠠ ᠶᠢᠨ ᠴᠡᠭ ᠤᠨ ᠬᠤᠲᠠ ᠶᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠨ᠂ ᠴᠡᠭ ᠢᠶᠠᠷ ᠲᠠᠯ᠎ᠠ ᠶᠢ ᠳᠠᠶᠢᠴᠢᠯᠠᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠦ ᠪᠠᠶᠢᠨ᠎ᠠ᠃  ᠨᠡᠩ ᠥᠨᠳᠥᠷ ᠤᠯᠤᠰ ᠲᠦᠷᠦ ᠶᠢᠨ ᠵᠣᠭᠰᠣᠴᠠ ᠳᠤ ᠰᠠᠭᠤᠷᠢᠯᠠᠵᠤ᠂ ᠲᠦᠯᠦᠪᠵᠢᠭᠦᠯᠭᠡ ᠪᠠᠨ ᠨᠠᠷᠢᠯᠢᠭᠵᠢᠭᠤᠯᠤᠨ ᠪᠦᠷᠢᠨᠰᠢᠭᠦᠯᠵᠠᠢ᠃ ᠪᠣᠬᠢᠷᠲᠤᠯ ᠦᠭᠡᠶ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠵᠤ ᠦᠢᠯᠡᠰ ᠤᠨ ᠬᠥᠭᠵᠢᠯᠲᠡ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠯᠤᠭ᠎ᠠ ᠨᠢᠭᠲᠠ ᠤᠶᠠᠯᠳᠤᠭᠤᠯᠤᠨ᠂ ᠬᠤᠲᠠ ᠶᠢᠨ ︽ᠪᠣᠬᠢᠷᠲᠤᠯ ᠦᠭᠡᠶ︾ ᠰᠠᠭᠤᠷᠢ ᠥᠩᠭᠡ ᠶᠢ ᠬᠠᠮᠠᠭᠠᠯᠠᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠶ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠤᠨ ᠬᠦᠴᠦᠨ ᠵᠦᠢᠯ ᠤᠨ ᠲᠤᠯᠭᠠᠭᠤᠷᠢᠯᠠᠯ ᠤᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠣᠬᠢᠷᠲᠤᠯ ᠦᠭᠡᠶ ᠬᠤᠲᠠ ᠶᠢᠨ ᠪᠦᠲᠦᠭᠡᠨ ᠪᠠᠶᠢᠭᠤᠯᠤᠯᠲᠠ ᠶᠢ ᠬᠢᠩᠭᠠᠨ ᠠᠶᠢᠮᠠᠭ ᠤᠨ ︽ᠭᠤᠷᠪᠠᠨ ᠨᠠᠷᠢᠨ ᠳᠠᠩᠰᠠ︾ ᠶᠢᠨ ᠭᠤᠤᠯᠳᠠᠯᠭ᠎ᠠ ᠲᠠᠢ ᠠᠵᠢᠯ ᠳᠤ ᠣᠷᠣᠭᠤᠯᠬᠤ ᠶᠢᠨ ᠬᠠᠮᠲᠤ ᠬᠢᠨᠠᠨ ᠰᠢᠯᠭᠠᠯᠳᠠ‌‍ᠳᠤ ᠣᠷᠣᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠦ ᠨᠠᠶᠢᠳᠠᠪᠤᠷᠢᠵᠢᠭᠤᠯᠤᠯᠲᠠ ᠶᠢ ᠠᠳᠬᠤᠵᠠᠢ᠃  ᠨᠡᠩ ᠥᠨᠳᠥᠷ ᠪᠠᠷᠢᠮᠵᠢᠶ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠪᠣᠬᠢᠷᠲᠤᠯ ᠦᠭᠡᠢ ᠬᠥᠭᠵᠢᠯᠲᠡ ᠶᠢᠨ ᠠᠭᠤᠯᠤᠭᠳᠠᠬᠤᠨ ᠢ ᠴᠢᠩᠭᠠᠳᠬᠠᠵᠠᠢ᠃ ᠬᠤᠳᠠ ᠬᠥᠳᠡᠭᠡ ᠶᠢᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠪᠠᠷ ᠤᠳᠤᠷᠢᠳᠤᠮᠵᠢ ᠪᠣᠯᠭᠠᠨ᠂ ᠪᠣᠬᠢᠷᠲᠤᠯ ᠦᠭᠡᠢ ᠪᠠᠷᠢᠯᠭ᠎ᠠ ᠶᠢ ᠳᠡᠯᠭᠡᠷᠡᠭᠦᠯᠦᠨ᠂ ᠪᠠᠷᠢᠯᠭ᠎ᠠ ᠶᠢᠨ ᠪᠣᠬᠢᠷᠲᠤᠯ ᠦᠭᠡᠢ ᠶᠠᠰᠤ ᠴᠢᠨᠠᠷ ᠢ ᠳᠡᠭᠡᠭᠰᠢᠯᠡᠭᠦᠯᠵᠡᠢ᠃ ᠨᠢᠭᠡᠨᠲᠡ ᠪᠠᠶᠢᠭ᠎ᠠ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠢᠯᠴᠢ ᠬᠠᠩᠭᠠᠬᠤ᠂ ᠤᠰᠤ ᠬᠠᠩᠭᠠᠬᠤ ᠬᠤᠭᠤᠯᠠᠶ ᠲᠣᠣᠷ ᠢ ᠥᠭᠡᠷᠡᠴᠢᠯᠡᠬᠦ ᠲᠥᠷᠥᠯ ᠵᠦᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠂ ᠭᠤᠣᠯ ᠬᠤᠲᠠ ᠲᠣᠭᠤᠷᠢᠭ ᠤᠨ ᠨᠦᠬᠡᠨ ᠵᠠᠮ ᠢ ᠬᠤᠯᠪᠣᠬᠤ ᠢᠨᠵᠧᠨᠧᠷᠢᠩ ᠢ ᠬᠡᠷᠡᠭᠵᠢᠭᠦᠯᠵᠦ᠂ ᠠᠷᠪᠠᠨ ᠲᠠᠪᠤᠨ ᠮᠢᠨᠦ᠋ᠲ ᠤᠨ ᠠᠮᠢᠳᠤᠷᠠᠯ ᠤᠨ ᠲᠣᠭᠤᠷᠢᠭ ᠢ ᠪᠠᠶᠢᠭᠤᠯᠤᠨ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠵᠠᠢ᠃ ᠪᠠᠷᠢᠯᠭ᠎ᠠ ᠶᠢᠨ ᠬᠦᠷᠢᠶᠡᠨ ᠳᠠᠬᠢ ᠨᠡᠭᠦᠷᠡᠰᠦᠲᠥ᠋ᠷᠥᠭᠴᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠂ ᠨᠡᠭᠦᠷᠡᠰᠦᠲᠥ᠋ᠷᠥᠭᠴᠢ ᠥᠬᠡᠶ ᠵᠢᠵᠢᠭ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠥᠷᠨᠢᠭᠦᠯᠵᠡᠢ᠃ ᠬᠢᠯᠢ ᠶᠢᠨ ᠪᠣᠭᠤᠮᠲᠠ ᠶᠢ ᠪᠣᠬᠢᠷᠳᠤᠯ ᠦᠭᠡᠢ ᠴᠠᠬᠢᠯᠭᠠᠨ ᠢᠶᠠᠷ ᠢᠯᠴᠢ  ᠬᠠᠩᠭᠠᠬᠤ᠂ ᠪᠣᠬᠢᠷᠳᠤᠯ ᠦᠭᠡᠢ ᠴᠠᠬᠢᠯᠭᠠᠨ ᠭᠡᠷᠡᠯᠲᠦᠭᠦᠯᠭᠡ ᠶᠢᠨ ᠲᠥᠷᠥᠯ ᠵᠦᠢᠯ ᠤᠨ ᠲᠤᠷᠰᠢᠯᠲᠠ ᠶᠢᠨ ᠴᠡᠭ ᠪᠣᠯᠭᠠᠨ ᠪᠠᠶᠢᠭᠤᠯᠵᠤ᠂ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠬᠥᠭᠵᠢᠯᠲᠡ ᠶᠢᠨ ᠲᠤᠷᠰᠢᠯᠭ᠎ᠠ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠂ ᠪᠣᠬᠢᠷᠳᠤᠯ ᠦᠭᠡᠢ ᠬᠤᠲᠠ ᠶᠢᠨ ᠬᠥᠭᠵᠢᠯᠲᠡ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠡᠢ᠃  ᠨᠡᠩ ᠥᠨᠳᠥᠷ ᠦᠷ᠎ᠡ ᠪᠦᠲᠦᠮᠵᠢ ᠲᠠᠢ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠠᠢ᠃ ᠭᠤᠣᠯ ᠬᠤᠲᠠ ᠶᠢᠨ ᠲᠣᠭᠤᠷᠢᠭ ᠤᠨ ᠵᠦᠯᠭᠡ ᠭᠠᠵᠠᠷ ᠢ ᠬᠠᠮᠠᠭᠠᠯᠠᠬᠤ ᠲᠥᠷᠥᠯ ᠵᠦᠢᠯ᠂ ᠪᠡᠶ᠎ᠡ ᠲᠠᠮᠢᠷ ᠤᠨ ᠴᠡᠴᠡᠷᠯᠢᠭ᠂ ᠷᠠᠰᠢᠶᠠᠨ ᠭᠤᠤᠯ ᠤᠨ ᠬᠤᠶᠠᠷ ᠡᠷᠭᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠡᠷᠭᠡ ᠲᠥᠷᠥᠯ ᠵᠦᠢᠯ ᠢ ᠭᠤᠤᠯᠳᠠᠯᠭ᠎ᠠ ᠲᠠᠢ ᠪᠡᠶᠡᠯᠡᠭᠦᠯᠦᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠡᠷᠴᠢᠮᠵᠢᠭᠦᠯᠦᠨ  ᠠᠷᠪᠢᠯᠠᠬᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠠᠢ᠃ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠴᠢᠨᠠᠷ ᠰᠠᠶᠢᠲᠠᠶ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠨ᠂ ᠬᠤᠲᠠ ᠶᠢᠨ ᠤᠰᠤ ᠲᠠᠲᠠᠷᠠᠭᠤᠯᠬᠤ ᠬᠤᠭᠤᠯᠠᠶ ᠲᠣᠤᠷ ᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ᠂ ᠤᠰᠤᠲᠤᠯ ᠢ ᠵᠠᠰᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠥᠬᠡᠶ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠠᠯᠬᠤᠮ ᠠᠯᠬᠤᠮ ᠢᠶᠠᠷ ᠪᠣᠶ ᠪᠣᠯᠭᠠᠵᠤ᠂ ᠪᠣᠬᠢᠷᠲᠤᠯ ᠥᠬᠡᠶ ᠬᠤᠲᠠ ᠶᠢᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠠᠢ᠃  
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ