ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/17
        5 ᠳ᠋ᠤᠭᠠᠷ ᠰᠠᠷ᠎ᠠ ᠶᠢᠨ 16 ᠤ ᠡᠳᠦᠷ᠂  ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ  ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ  ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ  ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ  ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ  ᠰᠠᠨᠠᠭ᠎ᠠ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠪᠠ  ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ  ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ  ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠬᠤᠷᠠᠯ ᠡᠷᠭᠢᠯᠡᠪᠡ᠃
1.jpg
       ᠬᠤᠷᠠᠯ ᠠᠴᠠ᠂ ᠶᠡᠷᠦᠩᠬᠡᠢ ᠱᠦᠵᠢ ᠰᠢ ᠶᠢᠨ  ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ  ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠥᠷᠥ ᠶᠢᠨ  ᠪᠣᠳᠣᠯᠭ᠎ᠠ ᠶᠢᠨ ᠴᠡᠪᠡᠷ ᠠᠰᠢᠭ ᠤᠨ ᠴᠣᠩᠬᠤᠪᠴᠢ ᠬᠤᠭᠤᠴᠠᠭ᠎ᠠ᠂ ᠲᠥᠷᠥᠯ ᠵᠦᠢᠯ ᠤᠨ ᠪᠦᠲᠦᠭᠡᠨ  ᠪᠠᠶᠢᠭᠤᠯᠤᠯᠲᠠ ᠶᠢᠨ ᠠᠵᠠ ᠲᠣᠬᠢᠶᠠᠯᠳᠤ ᠬᠤᠭᠤᠴᠠᠭ᠎ᠠ᠂ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ  ᠬᠤᠭᠤᠴᠠᠭ᠎ᠠ ᠶᠢ ᠵᠠᠪᠳᠤᠨ ᠠᠳᠬᠤᠵᠤ᠂ ᠬᠠᠷᠠᠯᠲᠠ ᠪᠠᠨ ᠲᠣᠭᠲᠠᠭᠠᠨ᠂ ᠪᠡᠷᠬᠡ ᠰᠡᠳᠦᠪ ᠢ  ᠰᠢᠢᠳᠪᠦᠷᠢᠯᠡᠬᠦ ᠪᠠᠷ ᠬᠦᠴᠦᠯᠡᠨ ᠴᠢᠷᠮᠠᠶᠢᠵᠤ᠂ ᠪᠦᠬᠦᠯᠢ ᠴᠣᠭᠴᠠ ᠪᠠᠷ ᠲᠦᠯᠬᠢᠨ ᠠᠬᠢᠭᠤᠯᠬᠤ  ᠮᠥᠷᠲᠡᠭᠡᠨ ᠪᠠᠰᠠ ᠭᠤᠣᠯᠳᠠᠯᠭ᠎ᠠ ᠶᠢ ᠳᠣᠪᠤᠶᠢᠯᠭᠠᠵᠤ᠂ ᠠᠵᠢᠯ ᠤᠨ ᠪᠠᠷᠠᠭᠠᠯᠬᠢᠯᠠᠯᠳᠤ ᠴᠢᠨᠠᠷ᠂  ᠨᠠᠷᠢᠯᠢᠭ ᠣᠨᠣᠴᠠᠲᠠᠢ ᠴᠢᠨᠠᠷ᠂ ᠪᠦᠲᠦᠭᠡᠯᠴᠢ ᠴᠢᠨᠠᠷ ᠢ ᠲᠠᠰᠤᠷᠠᠯᠲᠠ ᠦᠭᠡᠢ ᠴᠢᠩᠭᠠᠳᠬᠠᠨ᠂  ᠬᠤᠶᠠᠳᠤᠭᠠᠷ ᠤᠯᠠᠷᠢᠯ ᠤᠨ ᠬᠤᠷᠳᠤᠴᠠ ᠶᠢ ᠲᠦᠷᠭᠡᠳᠬᠡᠵᠦ᠂ ᠴᠠᠭ ᠤᠨ ᠬᠠᠭᠠᠰ ᠠᠴᠠ ᠬᠡᠲᠦᠷᠡᠬᠦ᠂  ᠡᠭᠦᠷᠭᠡ ᠶᠢᠨ ᠬᠠᠭᠠᠰ ᠠᠴᠠ ᠳᠠᠪᠠᠭ᠋ᠤ ᠶᠢ ᠦᠨᠡᠨᠬᠦ ᠪᠠᠳᠤᠯᠠᠨ᠎ᠠ᠃ ᠭᠡᠷ ᠪᠠᠶᠢᠰᠢᠩ ᠭᠠᠵᠠᠷ  ᠬᠥᠷᠥᠩᠭᠡ ᠶᠢᠨ ᠵᠠᠬ᠎ᠠ ᠳᠡᠯᠭᠡᠭᠦᠷ ᠤᠨ ᠰᠡᠷᠭᠦᠯᠲᠡ ᠶᠢ ᠪᠠᠲᠤᠳᠬᠠᠭᠰᠠᠨ ᠰᠠᠭᠤᠷᠢᠨ ᠳᠡᠭᠡᠷ᠎ᠡ  ᠳᠠᠬᠢᠨ ᠬᠦᠴᠦ ᠣᠷᠣᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠰᠢᠨ᠎ᠡ ᠬᠥᠭᠵᠢᠯᠲᠡ ᠶᠢᠨ  ᠵᠠᠭᠪᠤᠷ ᠤᠨ ᠲᠤᠬᠠᠢ ᠰᠤᠳᠤᠯᠭᠠᠨ ᠢ ᠭᠦᠨᠵᠡᠭᠡᠶᠢᠷᠡᠭᠦᠯᠦᠨ᠂ ᠭᠡᠷ ᠪᠠᠶᠢᠰᠢᠩ ᠭᠠᠵᠠᠷ  ᠬᠥᠷᠥᠩᠭᠡ ᠶᠢᠨ ᠲᠣᠬᠢᠷᠠᠭᠤᠯᠤᠯ ᠡᠵᠡᠮᠳᠡᠯ ᠤᠨ ᠲᠥᠷᠥ ᠶᠢᠨ ᠪᠣᠳᠣᠯᠭ᠎ᠠ ᠶᠢᠨ ᠨᠠᠷᠢᠯᠢᠭ ᠣᠨᠣᠴᠠᠲᠠᠢ  ᠵᠣᠬᠢᠴᠠᠩᠭᠤᠢ ᠴᠢᠨᠠᠷ ᠢ ᠲᠠᠰᠤᠷᠠᠯᠲᠠ ᠦᠭᠡᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠢ  ᠵᠢᠯᠣᠭᠤᠳᠤᠨ ᠰᠢᠪᠠᠳᠠᠵᠤ ᠪᠠᠶᠢᠭᠠᠳ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠢᠵᠢ  ᠪᠦᠷᠢᠳᠦᠭᠦᠯᠬᠦ ᠠᠷᠭ᠎ᠠ ᠬᠡᠮᠵᠢᠶ᠎ᠡ ᠶᠢ ᠱᠠᠯᠠᠪᠳᠠᠨ ᠲᠣᠭᠲᠠᠭᠠᠯᠭᠠᠵᠤ᠂ ᠭᠡᠷ ᠪᠠᠶᠢᠰᠢᠩ ᠭᠠᠵᠠᠷ  ᠬᠥᠷᠥᠩᠭᠡ ᠶᠢᠨ ᠦᠢᠯᠡᠰ ᠤᠨ ᠳᠡᠰ ᠳᠡᠪᠰᠢᠬᠦ ᠶᠢ ᠪᠦᠭᠦ ᠬᠦᠴᠦᠨ ᠢᠶᠠᠷ ᠢᠶᠠᠨ ᠲᠦᠯᠬᠢᠨ  ᠠᠬᠢᠭᠤᠯᠤᠨ᠎ᠠ᠃ ᠪᠠᠷᠢᠯᠭ᠎ᠠ ᠶᠢᠨ ᠦᠢᠯᠡᠰ ᠤᠨ ︽ᠶᠠᠰᠤ ᠰᠢᠷᠪᠦᠰᠦ ᠶᠢ ᠴᠢᠭᠢᠷᠠᠭᠵᠢᠭᠤᠯᠬᠤ︾ ᠶᠢ  ᠠᠬᠢᠭᠤᠯᠬᠤ ᠲᠠᠯ᠎ᠠ ᠪᠠᠷ ᠤᠯᠠᠮ ᠢᠯᠡᠭᠦᠦ ᠬᠦᠴᠦ ᠣᠷᠣᠭᠤᠯᠵᠤ᠂ ᠪᠠᠷᠢᠯᠭ᠎ᠠ ᠶᠢᠨ ᠦᠢᠯᠡᠰ ᠢ  ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂  ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠳᠡᠭᠡᠭᠰᠢᠯᠡᠭᠦᠯᠦᠨ ᠳᠡᠰ  ᠳᠡᠪᠰᠢᠭᠦᠯᠬᠦ ᠶᠢ ᠳᠡᠮᠵᠢᠵᠦ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠠᠮᠲᠤᠷᠠᠭᠰᠠᠨ  ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ ᠳᠡᠮᠵᠢᠵᠦ᠂ ᠮᠠᠨ ᠤ ᠣᠷᠣᠨ ᠤ ᠪᠠᠷᠢᠯᠭ᠎ᠠ ᠶᠢᠨ  ᠮᠠᠲ᠋ᠧᠷᠢᠶᠠᠯ ᠵᠢᠴᠢ ᠦᠢᠯᠡᠴᠢᠯᠡᠭᠡᠨ ᠤ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠢ  ᠪᠠᠶᠢᠭᠤᠯᠵᠤ᠂ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠬᠤᠯᠢᠮᠠᠭ ᠳᠦᠷᠢᠮ ᠤᠨ  ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠳᠤᠮᠳᠠ ᠵᠢᠵᠢᠭ ᠪᠢᠴᠢᠯ ᠪᠠᠷᠢᠯᠭ᠎ᠠ ᠶᠢᠨ  ᠦᠢᠯᠡᠰ ᠤᠨ ᠠᠵᠤ ᠠᠬᠤᠶᠢᠯᠠᠯ ᠤᠨ ᠬᠥᠭᠵᠢᠯᠲᠡ ᠪᠠᠨ ᠲᠦᠷᠭᠡᠳᠬᠡᠬᠦ ᠶᠢ ᠳᠡᠮᠵᠢᠵᠦ᠂ ᠴᠢᠨᠠᠷ  ᠰᠠᠶᠢᠲᠠᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠮᠠᠨ ᠤ ᠣᠷᠣᠨ ᠳᠤ ᠡᠷᠦᠬᠡ ᠠᠮᠠ ᠣᠷᠣᠬᠤ  ᠵᠢᠷᠭᠤᠭᠠᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ︾ ᠶᠢ ᠳᠡᠮᠵᠢᠨ᠎ᠡ᠃  ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠭᠡᠨ ᠠᠵᠢᠯᠯᠠᠵᠤ ᠦᠨᠡᠨ ᠠᠵᠢᠯᠯᠠᠵᠤ  ᠪᠣᠳᠠᠲᠠᠢ ᠠᠵᠢᠯᠯᠠᠵᠤ᠂ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠎ᠠ ᠭᠡᠵᠦ  ᠴᠢᠬᠤᠯᠠᠴᠢᠯᠠᠪᠠ᠃       ᠬᠤᠷᠠᠯ ᠠᠴᠠ᠂ ᠤᠤᠯ ᠤᠨ ᠪᠣᠷᠣ ᠲᠥᠯᠥᠪ ᠢ  ᠵᠣᠷᠢᠭᠲᠠᠢ ᠪᠠᠷ ᠡᠪᠳᠡᠵᠦ᠂ ︽ᠵᠠᠮ ᠱᠤᠭᠤᠮ ᠤᠨ ᠲᠦᠰᠢᠭᠯᠡᠯ︾ ᠢ ᠲᠡᠪᠴᠢᠵᠦ᠂ ᠭᠡᠷ ᠪᠠᠶᠢᠰᠢᠩ  ᠭᠠᠵᠠᠷ ᠬᠥᠷᠥᠩᠭᠡ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ᠂  ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠮᠠᠯᠵᠢᠬᠤ ᠲᠠᠷᠢᠶᠠᠯᠠᠬᠤ ᠣᠷᠣᠨ ᠤ  ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ᠂ ᠪᠡᠯᠡ ᠣᠷᠤᠭᠤᠯᠤᠯᠲᠠ  ᠪᠡᠯᠡ ᠲᠣᠬᠢᠷᠠᠭᠤᠯᠭ᠎ᠠ ᠶᠢᠨ ᠵᠠᠭᠪᠤᠷ ᠲᠤ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠪᠦᠲᠦᠭᠡᠯᠴᠢ  ᠴᠢᠨᠠᠷᠲᠠᠢ ᠪᠠᠷ ᠠᠵᠢᠯ ᠢᠶᠠᠨ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠰᠢᠨ᠎ᠡ ᠶᠢ ᠡᠭᠦᠳᠦᠨ  ᠬᠤᠪᠢᠷᠠᠭᠤᠯᠬᠤ ᠪᠠᠷ ᠴᠢᠷᠮᠠᠶᠢᠵᠤ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ᠂  ᠥᠭᠡᠷᠡᠴᠢᠯᠡᠯᠲᠡ ᠶᠢᠨ ᠠᠷᠭ᠎ᠠ ᠪᠠᠷ ᠠᠵᠢᠯ ᠢᠶᠠᠨ ᠲᠦᠯᠬᠢᠨ ᠠᠬᠢᠭᠤᠯᠵᠤ᠂ ᠬᠦᠴᠢᠷ ᠠᠰᠠᠭᠤᠳᠠᠯ ᠢ  ᠰᠢᠢᠳᠪᠦᠷᠢᠯᠡᠬᠦ ᠬᠡᠷᠡᠭᠲᠡᠢ᠃ ᠰᠢᠨ᠎ᠡ ᠶᠢ ᠡᠭᠦᠳᠬᠦ ᠰᠡᠳᠬᠢᠬᠦᠢ ᠪᠠᠨ ᠴᠢᠩᠭᠠᠳᠬᠠᠵᠤ᠂ ︽ ᠲᠠᠳᠬᠠᠯᠳᠦ︾ ᠰᠡᠳᠬᠢᠬᠦᠢ᠂ ︽ᠲᠠᠳᠬᠠᠯᠳᠦ︾ ᠦᠭᠡ ᠬᠡᠯᠡ᠂ ︽ᠲᠠᠳᠬᠠᠯᠳᠦ︾ ᠠᠷᠭ᠎ᠠ ᠬᠢᠳᠡᠯ ᠢ  ᠲᠡᠪᠴᠢᠵᠦ᠂ ᠰᠢᠨ᠎ᠡ ᠲᠠᠨᠢᠯᠳᠠ᠂ ᠰᠢᠨ᠎ᠡ ᠣᠶᠢᠯᠠᠭᠠᠭᠳᠠᠬᠤᠨ᠂ ᠰᠢᠨ᠎ᠡ ᠠᠷᠭ᠎ᠠ ᠪᠠᠷᠢᠯ ᠢ ᠰᠤᠷᠤᠯᠴᠠᠨ  ᠬᠡᠷᠡᠭᠯᠡᠵᠦ᠂ ︽ᠦᠬᠦᠮᠡᠯ ᠤᠰᠤ︾ ᠶᠢ ︽ᠤᠷᠤᠰᠬᠠᠯᠳᠦ ᠤᠰᠤ︾ ᠪᠣᠯᠭᠠᠬᠤ ᠬᠡᠷᠡᠭᠲᠡᠢ᠃ ᠬᠤᠷᠸ᠎ᠠ  ᠬᠠᠨᠳᠤᠰᠢ᠂ ᠠᠵᠢᠯ ᠲᠦᠷᠦᠯ ᠤᠨ ᠬᠠᠨᠳᠤᠰᠢ᠂ ᠬᠥᠭᠵᠢᠯᠲᠡ ᠶᠢᠨ ᠪᠠᠶᠢᠳᠠᠯ ᠠᠴᠠ ᠡᠭᠦᠰᠬᠦ ᠳᠡᠭᠡᠨ  ᠴᠢᠳᠠᠮᠠᠭᠠᠢ ᠪᠠᠶᠢᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠂  ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠭᠦᠨ ᠳᠠᠪᠬᠤᠷᠭ᠎ᠠ ᠶᠢᠨ  ᠵᠥᠷᠢᠴᠡᠯ᠂ ᠪᠠᠶᠢᠭᠤᠯᠤᠯ ᠤᠨ ᠴᠢᠨᠠᠷᠲᠠᠢ ᠬᠠᠷᠰᠢ ᠰᠠᠭᠠᠳ᠂ ᠰᠦᠪᠡᠭᠴᠢᠯᠡᠯᠲᠡ ᠶᠢᠨ ᠴᠢᠨᠠᠷᠲᠠᠢ  ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠢᠶᠠᠷ  ᠬᠥᠲᠥᠯᠥᠨ ᠵᠢᠯᠤᠭᠤᠳᠬᠤ ᠶᠢ ᠴᠢᠩᠭᠠᠷᠠᠭᠤᠯᠤᠨ᠂ ᠤᠭᠰᠠᠷᠠᠮᠠᠯ ᠮᠠᠶ᠋ᠢᠭ ᠤᠨ ᠪᠠᠷᠢᠯᠭ᠎ᠠ ᠪᠠᠷᠢᠬᠤ᠂  ᠪᠠᠷᠢᠯᠭ᠎ᠠ ᠶᠢᠨ ᠬᠠᠶᠠᠭᠳᠠᠮᠠᠯ ᠪᠣᠳᠠᠰ ᠢ ᠳᠠᠬᠢᠨ ᠬᠡᠷᠡᠭᠯᠡᠬᠦ᠂ ᠣᠶᠤᠨᠲᠤ ᠪᠠᠷᠢᠯᠭ᠎ᠠ ᠶᠢᠨ  ᠰᠤᠳᠤᠯᠤᠯ᠂ ᠪᠣᠬᠢᠷᠲᠤᠯ ᠦᠭᠡᠢ ᠬᠤᠣᠰ ᠨᠡᠭᠦᠷᠡᠰᠦᠲᠥ᠋ᠷᠥᠭᠴᠢᠲᠦ ᠪᠠᠷᠢᠯᠭ᠎ᠠ ᠵᠡᠷᠭᠡ ᠬᠦᠷᠢᠶ᠎ᠡ  ᠴᠠᠷᠠᠭ᠎ᠠ ᠶᠢᠨ ᠮᠡᠷᠭᠡᠵᠢᠯ ᠤᠨ ᠰᠢᠨᠡᠴᠢᠯᠡᠯᠲᠡ ᠪᠠ ᠰᠤᠳᠤᠯᠤᠨ ᠨᠡᠭᠡᠭᠡᠬᠦ ᠶᠢ ᠴᠢᠩᠭᠠᠳᠬᠠᠵᠤ᠂  ᠰᠢᠨ᠎ᠡ ᠮᠠᠲ᠋ᠧᠷᠢᠶᠠᠯ᠂ ᠰᠢᠨ᠎ᠡ ᠠᠵᠢᠯ ᠤᠨ ᠠᠷᠭ᠎ᠠ᠂ ᠰᠢᠨ᠎ᠡ ᠦᠢᠯᠡᠳᠬᠦᠨ ᠢ ᠶᠡᠬᠡᠪᠡᠷ  ᠳᠡᠯᠭᠡᠷᠡᠭᠦᠯᠦᠨ ᠬᠡᠷᠡᠭᠯᠡᠵᠦ᠂ ᠴᠢᠨᠠᠷ ᠰᠠᠶᠢᠲᠠᠢ ᠪᠠᠷᠢᠯᠭ᠎ᠠ ᠶᠢᠨ ᠦᠢᠯᠡᠳᠬᠦᠨ ᠢ ᠪᠣᠶ ᠪᠣᠯᠭᠠᠨ᠎ᠠ  ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠴᠡᠭᠡ ᠪᠠᠷ ᠰᠤᠷᠤᠯᠴᠠᠯᠭ᠎ᠠ ᠶᠢᠨ  ᠭᠤᠣᠯᠯᠠᠬᠤ ᠴᠢᠭᠯᠡᠯ ᠪᠣᠯᠭᠠᠬᠤ ᠶᠢ ᠪᠠᠷᠢᠮᠲᠠᠯᠠᠵᠤ᠂ ︽ᠰᠢᠬᠠᠬᠤ︾ ᠪᠠ ︽ᠥᠷᠥᠮᠳᠡᠬᠦ︾  ᠵᠣᠷᠢᠭ ᠰᠠᠨᠠᠭ᠎ᠠ ᠶᠢ ᠪᠠᠳᠠᠷᠠᠭᠤᠯᠵᠤ᠂ ᠶᠠᠭᠤ ᠬᠢᠪᠡᠯ ᠶᠠᠭᠤ ᠶᠢ ᠰᠤᠷᠬᠤ᠂ ᠶᠠᠭᠤ ᠳᠤᠲᠠᠭᠳᠠᠪᠠᠯ  ᠶᠠᠭᠤ ᠶᠢ ᠨᠥᠬᠦᠪᠦᠷᠢᠯᠡᠬᠦ ᠶᠢ ᠪᠡᠶᠡᠯᠡᠭᠦᠯᠵᠦ᠂ ᠰᠢᠨ᠎ᠡ ᠠᠰᠠᠭᠤᠳᠠᠯ᠂ ᠰᠢᠨ᠎ᠡ ᠬᠠᠨᠳᠤᠰᠢ ᠶᠢᠨ  ᠲᠤᠬᠠᠢ ᠣᠶᠢᠯᠠᠭᠠᠯᠲᠠ ᠪᠠ ᠡᠵᠡᠮᠳᠡᠯ ᠢᠶᠠᠨ ᠴᠢᠩᠭᠠᠳᠬᠠᠵᠤ᠂ ᠲᠤᠰᠬᠠᠢ ᠮᠡᠷᠭᠡᠵᠢᠯ ᠤᠨ  ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠦᠨ᠂ ︽ᠴᠢᠳᠠᠪᠤᠷᠢ ᠶᠢᠨ ᠭᠡᠯᠮᠡᠭᠳᠡᠯ  ︾ ᠢ ᠲᠡᠪᠴᠢᠵᠦ᠂ ᠡᠯ᠎ᠡ ᠬᠦᠷᠢᠶᠡᠨ ᠤ ᠬᠠᠰᠢᠷ ᠮᠡᠷᠭᠡᠵᠢᠯᠲᠡᠨ ᠪᠣᠯᠬᠤ ᠪᠠᠷ ᠴᠢᠷᠮᠠᠶᠢᠬᠤ  ᠬᠡᠷᠡᠭᠲᠡᠢ ᠭᠡᠵᠦ ᠱᠠᠭᠠᠷᠳᠠᠪᠠ᠃
2.jpg
       ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ  ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ  ᠤᠩᠰᠢᠵᠤ ᠭᠦᠨᠵᠡᠭᠡᠢ ᠰᠤᠷᠤᠯᠴᠠᠵᠤ ᠨᠠᠷᠢᠨ ᠣᠶᠢᠯᠠᠭᠠᠬᠤ᠂ ᠰᠤᠷᠤᠯᠴᠠᠨ ᠣᠶᠢᠯᠠᠭᠠᠵᠤ  ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ  ᠡᠭᠦᠷᠭᠡ ᠪᠣᠯᠭᠠᠵᠤ᠂ ᠰᠤᠷᠤᠯᠴᠠᠯᠭ᠎ᠠ ᠶᠢ ᠭᠦᠨᠵᠡᠭᠡᠶᠢᠷᠡᠭᠦᠯᠬᠦ ᠳᠤᠮᠳᠠ ᠤᠬᠠᠮᠰᠠᠷ ᠠᠴᠠ ᠪᠠᠨ  ᠦᠵᠡᠯ ᠰᠠᠨᠠᠭᠠᠨ ᠤ ᠳᠠᠪᠲᠠᠯᠲᠠ᠂ ᠤᠶᠤᠨ ᠰᠠᠨᠠᠭᠠᠨ ᠤ ᠳᠠᠪᠲᠠᠯᠲᠠ ᠶᠢ ᠬᠦᠯᠢᠶᠡᠵᠦ᠂  ᠰᠤᠷᠤᠯᠴᠠᠯᠭ᠎ᠠ ᠪᠠᠷ ᠡᠬᠢᠯᠡᠬᠦ ᠶᠢ ᠪᠠᠷᠢᠮᠲᠠᠯᠠᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ  ᠱᠤᠭᠤᠬᠤ ᠶᠢ ᠭᠤᠣᠯ ᠰᠡᠳᠦᠪᠲᠦ ᠬᠥᠮᠦᠵᠢᠯ ᠤᠨ ᠡᠬᠢᠨ ᠠᠴᠠ ᠳᠠᠭᠤᠰᠲᠠᠯ᠎ᠠ ᠲᠤᠤᠱᠯᠠᠭᠤᠯᠵᠤ᠂  ᠤᠨᠤᠯ ᠤᠨ ᠶᠡᠭᠡ ᠰᠤᠷᠤᠯᠴᠠᠯᠭ᠎ᠠ᠂ ᠦᠵᠡᠯ ᠰᠠᠨᠠᠭᠠᠨ ᠤ ᠶᠡᠭᠡ ᠵᠡᠪᠰᠡᠭᠯᠡᠯ ᠢ ᠭᠦᠨᠵᠡᠭᠡᠢ ᠪᠥᠭᠡᠳ  ᠪᠣᠳᠠᠲᠠᠶᠢᠵᠢᠭᠤᠯᠬᠤ ᠬᠡᠷᠡᠭᠲᠡᠢ᠃ ᠲᠡᠷᠡ ᠬᠡᠪ ᠢᠶᠠᠷ ᠨᠢ ᠰᠤᠷᠬᠤ ᠬᠡᠷᠡᠭᠲᠡᠢ᠃ ᠤᠭ  ᠵᠣᠬᠢᠶᠠᠯ ᠢ ᠨᠢ ᠤᠩᠰᠢᠵᠤ ᠤᠭ ᠵᠣᠬᠢᠶᠠᠯ ᠢ ᠨᠢ ᠰᠤᠷᠤᠯᠴᠠᠵᠤ ᠤᠭ ᠶᠣᠰᠣ ᠶᠢ ᠨᠢ ᠣᠶᠢᠯᠠᠭᠠᠬᠤ ᠶᠢ  ᠪᠠᠷᠢᠮᠲᠠᠯᠠᠵᠤ᠂ ᠲᠥᠪ ᠠᠴᠠ ᠲᠣᠭᠲᠠᠭᠠᠭᠰᠠᠨ ᠵᠠᠪᠠᠯ ᠤᠩᠰᠢᠬᠤ ᠪᠠ ᠰᠣᠩᠭᠤᠨ ᠤᠩᠰᠢᠬᠤ ᠨᠣᠮ ᠤᠨ  ᠭᠠᠷᠴᠠᠭ ᠢ ᠨᠡᠪᠲᠡᠷᠬᠡᠢ ᠤᠩᠰᠢᠵᠤ ᠨᠠᠷᠢᠨ ᠤᠩᠰᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ  ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ  ᠤᠬᠠᠭᠠᠨᠴᠢ ᠰᠢᠰᠲ᠋ᠧᠮ᠂ ᠭᠤᠣᠯ ᠴᠢᠮᠦᠭᠡ ᠴᠢᠬᠤᠯᠠ ᠤᠳᠬ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ  ᠪᠦᠬᠦ ᠲᠠᠯ᠎ᠠ ᠪᠠᠷ ᠣᠶᠢᠯᠠᠭᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠬᠠᠮᠤᠭ ᠤᠨ  ᠰᠢᠨ᠎ᠡ ᠴᠢᠬᠤᠯᠠ ᠶᠠᠷᠢᠶ᠎ᠠ ᠪᠣᠯᠣᠨ ᠵᠣᠬᠢᠶᠠᠯ᠂ ᠣᠨᠴᠠᠭᠠᠶᠢᠯᠠᠨ ᠰᠢᠨ᠎ᠡ ᠬᠥᠭᠵᠢᠯᠲᠡ ᠶᠢᠨ  ᠣᠶᠢᠯᠠᠭᠠᠭᠳᠠᠬᠤᠨ ᠢ ᠲᠤᠤᠱᠯᠠᠭᠤᠯᠬᠤ᠂ ᠬᠤᠳᠠ ᠶᠢᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ  ᠥᠭᠦᠯᠡᠯᠲᠡ ᠶᠢ ᠴᠠᠭ ᠲᠤᠬᠠᠢ ᠳᠤᠨᠢ ᠮᠥᠷᠳᠡᠨ ᠰᠤᠷᠤᠯᠴᠠᠵᠤ᠂ ᠴᠠᠭ ᠦᠶ᠎ᠡ ᠶᠢᠨ ᠠᠰᠠᠭᠤᠳᠠᠯ ᠢ  ᠰᠢᠢᠳᠪᠦᠷᠢᠯᠡᠬᠦ ︽ᠠᠯᠳᠠᠨ ᠲᠦᠯᠬᠢᠭᠦᠷ︾ ᠢ ᠡᠵᠡᠮᠰᠢᠬᠦ ᠬᠡᠷᠡᠭᠲᠡᠢ᠃ ᠪᠣᠳᠠᠲᠤ ᠪᠠᠶᠢᠳᠠᠯ ᠲᠠᠢ  ᠤᠶᠠᠯᠳᠤᠭᠤᠯᠤᠨ ᠰᠤᠷᠤᠯᠴᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠰᠠᠶᠢᠨ ᠰᠠᠶᠢᠬᠠᠨ  ᠪᠠᠶᠢᠳᠠᠯ ᠢ ᠥᠷᠭᠡᠳᠬᠡᠵᠦ᠂ ᠦᠵᠡᠯ ᠰᠠᠨᠠᠭᠠᠨ ᠤ ᠵᠢᠯᠣᠭᠤᠳᠤᠯᠭ᠎ᠠ ᠶᠢ ᠴᠢᠩᠭᠠᠳᠬᠠᠬᠤ ᠮᠥᠷᠲᠡᠭᠡᠨ  ᠪᠠᠰᠠ ᠪᠣᠳᠠᠲᠤ ᠠᠮᠵᠢᠯᠲᠠ ᠶᠢᠨ ᠤᠳᠤᠷᠢᠳᠤᠮᠵᠢ ᠶᠢ ᠲᠤᠪᠤᠶᠢᠯᠭᠠᠵᠤ᠂ ᠮᠡᠳᠡᠬᠦᠢ ᠬᠢᠬᠦᠢ ᠶᠢ  ᠨᠢᠭᠡᠳᠬᠡᠬᠦ᠂ ᠰᠣᠷᠣᠭᠰᠠᠨ ᠢᠶᠠᠨ ᠬᠡᠷᠡᠭᠯᠡᠬᠦ ᠶᠢ ᠪᠡᠶᠡᠯᠡᠭᠦᠯᠵᠦ᠂ ᠡᠨᠡ ᠬᠦ ᠴᠢᠬᠤᠯᠠ ᠦᠵᠡᠯ  ᠰᠠᠨᠠᠭ᠎ᠠ ᠠᠴᠠ ᠦᠨᠡᠨ ᠶᠣᠰᠣᠨ ᠤ ᠦᠨᠦᠷ ᠠᠮᠲᠠ ᠶᠢ ᠣᠶᠢᠯᠠᠭᠠᠵᠤ᠂ ᠤᠶᠤᠨ ᠰᠠᠨᠠᠭᠠᠨ ᠤ ᠬᠦᠴᠦᠨ ᠢ  ᠰᠢᠩᠭᠡᠬᠡᠨ ᠠᠪᠴᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠣᠷᠣᠨ ᠰᠠᠭᠤᠴᠠ ᠶᠢᠨ ᠪᠦᠲᠦᠭᠡᠨ  ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ  ᠬᠦᠴᠦᠷᠬᠡᠭ ᠶᠡᠭᠡ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃  ᠬᠡᠯᠪᠡᠷᠢ ᠣᠪᠯᠠᠬᠤ ᠶᠢ ᠡᠷᠡᠰ ᠰᠡᠷᠭᠡᠶᠢᠯᠡᠵᠦ᠂ ᠬᠡᠯᠪᠡᠷᠢ ᠶᠢᠨ ᠦᠢᠯᠡᠴᠢᠯᠡᠭᠡᠨ ᠤ ᠦᠷ᠎ᠡ  ᠪᠦᠲᠦᠮᠵᠢ ᠶᠢ ᠪᠠᠷᠢᠮᠲᠠᠯᠠᠵᠤ᠂ ᠨᠣᠮ ᠤᠩᠰᠢᠬᠤ ᠠᠩᠭᠢ ᠪᠠ ᠤᠨᠤᠯ ᠰᠤᠷᠤᠯᠴᠠᠬᠤ ᠭᠤᠣᠯ  ᠳᠤᠭᠤᠶᠢᠯᠠᠩ ᠤᠨ ᠰᠤᠷᠤᠯᠴᠠᠯᠭ᠎ᠠ᠂ ᠲᠤᠰᠬᠠᠢ ᠰᠡᠳᠦᠪᠲᠦ ᠨᠠᠮ ᠤᠨ ᠬᠢᠴᠢᠶᠡᠯ ᠡᠷᠬᠢᠯᠡᠬᠦ᠂ ᠬᠤᠪᠢ  ᠬᠥᠮᠥᠨ ᠤ ᠥᠪᠡᠷ ᠢᠶᠠᠨ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ  ᠨᠡᠪᠲᠡᠷᠡᠭᠦᠯᠦᠨ ᠲᠣᠬᠢᠷᠠᠭᠤᠯᠵᠤ᠂ ᠰᠤᠷᠤᠯᠴᠠᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ  ᠲᠣᠭᠲᠠᠭᠠᠵᠤ᠂ ᠴᠠᠭ ᠢ ᠵᠣᠬᠢᠰᠲᠠᠢ ᠲᠣᠬᠢᠷᠠᠭᠤᠯᠵᠤ᠂ ᠰᠤᠷᠤᠯᠴᠠᠯᠭ᠎ᠠ ᠶᠢᠨ ᠪᠣᠳᠠᠲᠤ ᠦᠷ᠎ᠡ  ᠪᠦᠲᠦᠮᠵᠢ ᠶᠢ ᠪᠠᠲᠤᠯᠠᠬᠤ ᠬᠡᠷᠡᠭᠲᠡᠢ᠃ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠤᠨ  ᠰᠤᠷᠤᠯᠴᠠᠬᠤ ᠬᠡᠷᠡᠭᠲᠡᠢ᠃ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ ᠳᠠᠭᠠᠭᠤᠯᠬᠤ ︽ ᠳᠠᠭᠠᠭᠤᠯᠤᠭᠴᠢ︾ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠨᠠᠮ ᠤᠨ ᠤᠳᠤᠷᠢᠳᠬᠤ  ᠳᠤᠭᠤᠶᠢᠯᠠᠩ ᠤᠨ ᠵᠢᠱᠢᠶ᠎ᠡ ᠦᠵᠡᠭᠦᠯᠦᠨ ᠨᠠᠮ ᠤᠨ ᠡᠭᠦᠷ ᠤᠨ ᠰᠤᠷᠤᠯᠴᠠᠯᠭ᠎ᠠ ᠶᠢ ᠳᠠᠶᠢᠴᠢᠯᠠᠬᠤ᠂  ᠤᠳᠤᠷᠢᠳᠬᠤ ᠺᠠᠳ᠋ᠷ ᠤᠨ ᠵᠢᠱᠢᠶ᠎ᠡ ᠦᠵᠡᠭᠦᠯᠦᠨ ᠨᠠᠮ ᠤᠨ ᠭᠡᠰᠢᠭᠦᠨ ᠤ ᠰᠤᠷᠤᠯᠴᠠᠯᠭ᠎ᠠ ᠶᠢ  ᠳᠠᠶᠢᠴᠢᠯᠠᠬᠤ ︽ᠬᠤᠶᠠᠷ ᠢ ᠳᠠᠶᠢᠴᠢᠯᠠᠬᠤ︾ ᠰᠤᠷᠤᠯᠴᠠᠯᠭ᠎ᠠ ᠶᠢᠨ ᠲᠣᠭᠲᠠᠴᠠ ᠶᠢ  ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ  ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ︽ᠵᠣᠬᠢᠶᠠᠨ  ᠪᠠᠶᠢᠭᠤᠯᠵᠤ ᠰᠤᠷᠤᠯᠴᠠᠬᠤ ᠬᠤᠶᠠᠷ ᠵᠦᠢᠯ ᠤᠨ ᠠᠷᠭ᠎ᠠ ᠬᠡᠯᠪᠡᠷᠢ︾ ᠶᠢ ᠪᠣᠳᠠᠲᠠᠢ ᠠᠳᠬᠤᠵᠤ᠂  ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠨᠤᠯ ᠤᠨ ᠰᠤᠷᠤᠯᠴᠠᠯᠭ᠎ᠠ ᠳᠤ ᠰᠠᠶᠢᠨ  ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠤᠳᠤᠷᠢᠳᠬᠤ ᠺᠠᠳ᠋ᠷᠴᠤᠳ ︽ᠵᠠᠩᠭᠢᠯᠠᠭ᠎ᠠ ᠶᠢᠨ  ᠴᠥᠭᠡᠨ ᠲᠣᠭᠠᠲᠠᠨ︾ ᠤ ᠦᠢᠯᠡᠳᠦᠯ ᠢᠶᠠᠨ ᠪᠠᠳᠠᠷᠠᠭᠤᠯᠵᠤ᠂ ᠬᠤᠪᠢ ᠬᠥᠮᠥᠨ ᠤ ᠥᠪᠡᠰᠦᠪᠡᠨ  ᠰᠤᠷᠤᠯᠴᠠᠬᠤ ᠶᠢ ᠲᠦᠷᠦᠭᠦᠯᠡᠨ ᠰᠠᠶᠢᠲᠤᠷ ᠠᠳᠬᠤᠵᠤ᠂ ᠲᠦᠷᠦᠭᠦᠯᠡᠨ ᠬᠢᠴᠢᠶᠡᠯ ᠤᠨ ᠲᠠᠪᠴᠠᠩ ᠳᠤ  ᠭᠠᠷᠴᠤ᠂ ᠨᠠᠮ ᠤᠨ ᠬᠢᠴᠢᠶᠡᠯ ᠣᠷᠣᠵᠤ᠂ ᠲᠦᠷᠦᠭᠦᠯᠡᠨ ᠰᠢᠪᠠᠳᠠᠨ ᠵᠢᠯᠤᠭᠤᠳᠴᠤ᠂  ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠭᠦᠨᠵᠡᠭᠡᠶᠢᠷᠡᠭᠦᠯᠬᠦ ᠬᠡᠷᠡᠭᠲᠡᠢ᠃ ᠨᠠᠮ ᠤᠨ ᠡᠭᠦᠷ  ᠲᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠪᠠᠳᠠᠷᠠᠭᠤᠯᠵᠤ᠂ ᠨᠢᠭᠡ ᠪᠦᠯᠦᠭ ᠬᠤᠪᠢᠰᠬᠠᠯ ᠤᠨ  ᠬᠥᠮᠦᠵᠢᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠨᠢᠭᠡ ᠪᠦᠯᠦᠭ ᠠᠷᠭ᠎ᠠ ᠬᠡᠯᠪᠡᠷᠢ ᠶᠢᠨ  ᠰᠢᠨ᠎ᠡ ᠶᠢ ᠡᠭᠦᠳᠴᠦ᠂ ᠨᠢᠭᠡ ᠪᠦᠯᠦᠭ ᠨᠡᠶᠢᠲᠡᠯᠢᠭ ᠵᠢᠱᠢᠶ᠎ᠡ ᠶᠢᠨ ᠬᠥᠮᠦᠵᠢᠯ ᠢ ᠥᠷᠨᠢᠭᠦᠯᠵᠦ᠂  ᠨᠠᠮ ᠤᠨ ᠭᠡᠰᠢᠭᠦᠨ ᠤ ᠤᠨᠤᠯ ᠤᠨ ᠰᠤᠷᠤᠯᠴᠠᠯᠭ᠎ᠠ ᠶᠢ ᠱᠠᠯᠠᠪᠳᠠᠭᠤᠯᠤᠨ ᠵᠢᠯᠤᠭᠤᠳᠬᠤ ᠪᠠᠨ  ᠴᠢᠩᠭᠠᠳᠬᠠᠬᠤ ᠬᠡᠷᠡᠭᠲᠡᠢ᠃ ᠰᠡᠳᠬᠢᠯ ᠳᠡᠭᠡᠨ ᠬᠠᠳᠠᠩᠰᠢᠭᠤᠯᠵᠤ ᠲᠠᠷᠢᠬᠢᠨ ᠳᠠᠭᠠᠨ  ᠬᠠᠳᠠᠩᠰᠢᠭᠤᠯᠵᠤ ᠰᠤᠷᠬᠤ ᠬᠡᠷᠡᠭᠲᠡᠢ᠃ ︽ᠰᠢᠬᠠᠬᠤ︾᠂ ︽ᠥᠷᠥᠮᠳᠡᠬᠦ︾ ᠢᠶᠠᠷ  ᠰᠤᠷᠤᠯᠴᠠᠯᠭ᠎ᠠ ᠶᠢᠨ ᠮᠠᠲ᠋ᠧᠷᠢᠶᠠᠯ ᠢ ᠳᠡᠷᠭᠡᠳᠡ ᠪᠠᠨ ᠲᠠᠯᠪᠢᠵᠤ ᠴᠠᠭ ᠢᠮᠠᠭᠲᠠ ᠤᠷᠪᠠᠭᠤᠯᠤᠨ  ᠤᠩᠰᠢᠵᠤ᠂ ᠪᠠᠶᠢᠩᠭᠤ ᠤᠬᠠᠭᠠᠷᠠᠨ ᠪᠠᠶᠢᠩᠭᠤ ᠤᠷᠤᠭᠰᠢᠯᠠᠵᠤ᠂ ᠤᠨᠤᠯ ᠤᠨ ᠳᠤᠲᠠᠭᠤᠳᠠᠯ ᠢ ᠤᠯᠠᠮ  ᠴᠢᠨᠠᠭᠰᠢᠳᠠ ᠨᠥᠬᠦᠪᠦᠷᠢᠯᠡᠵᠦ᠂ ᠦᠵᠡᠯ ᠰᠠᠨᠠᠭᠠᠨ ᠤ ᠪᠠᠯᠠᠢ ᠣᠷᠣᠨ ᠢ ᠭᠡᠷᠡᠯᠳᠦᠬᠦᠯᠵᠦ᠂  ᠲᠠᠨᠢᠯᠲᠠ ᠶᠢᠨ ᠲᠦᠭᠵᠢᠷᠡᠯ ᠢ ᠠᠷᠢᠯᠭᠠᠵᠤ᠂ ᠦᠨᠡᠨᠬᠦ ᠰᠤᠷᠤᠯᠴᠠᠯᠭ᠎ᠠ ᠠᠴᠠ ᠢᠲᠡᠭᠡᠯ  ᠪᠢᠰᠢᠷᠡᠯ ᠲᠠᠢ ᠪᠣᠯᠵᠤ᠂ ᠦᠨᠡᠨᠴᠢ ᠰᠢᠳᠤᠷᠭᠤ ᠶᠢ ᠰᠤᠷᠴᠤ᠂ ᠬᠠᠷᠢᠭᠤᠴᠠᠯᠭ᠎ᠠ ᠡᠭᠦᠷᠭᠡᠯᠡᠬᠦ ᠶᠢ  ᠰᠤᠷᠴᠤ᠂ ᠡᠷᠳᠡᠮ ᠴᠢᠳᠠᠪᠤᠷᠢ ᠲᠠᠢ ᠪᠣᠯᠵᠤ᠂ ᠦᠷ᠎ᠡ ᠪᠦᠲᠦᠮᠵᠢ ᠲᠠᠢ ᠪᠣᠯᠬᠤ ᠶᠢ ᠪᠠᠲᠤᠯᠠᠬᠤ  ᠬᠡᠷᠡᠭᠲᠡᠢ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ ᠬᠡᠷᠡᠭᠲᠡᠢ᠃ ᠪᠠᠶᠢᠴᠠᠭᠠᠨ  ᠰᠤᠳᠤᠯᠤᠯᠲᠠ ᠪᠠ ᠲᠤᠬᠠᠶᠢᠯᠠᠭᠰᠠᠨ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂  ᠦᠨᠳᠦᠰᠦᠨ ᠱᠠᠲᠤᠨ ᠳᠤ ᠭᠦᠨᠵᠡᠭᠡᠶᠢᠷᠡᠨ᠂ ᠪᠣᠳᠠᠲᠤ ᠪᠠᠶᠢᠳᠠᠯ ᠢ ᠪᠠᠶᠢᠴᠠᠭᠠᠨ᠂ ᠠᠷᠠᠳ ᠤᠨ  ᠰᠠᠨᠠᠭ᠎ᠠ ᠶᠢ ᠰᠣᠨᠣᠰᠴᠤ᠂ ᠠᠰᠠᠭᠤᠳᠠᠯ ᠢ ᠢᠯᠡᠷᠡᠭᠦᠯᠦᠨ᠂ ᠠᠰᠠᠭᠤᠳᠠᠯ ᠢ     ᠰᠤᠳᠤᠯᠵᠤ᠂  ᠪᠠᠶᠢᠳᠠᠯ ᠢ ᠦᠨᠡᠨ ᠬᠦ ᠲᠣᠳᠣᠷᠬᠠᠢ ᠣᠶᠢᠯᠠᠭᠠᠵᠤ᠂ ᠠᠰᠠᠭᠤᠳᠠᠯ ᠢ ᠣᠨᠣᠪᠴᠢᠲᠠᠢ ᠡᠷᠢᠵᠦ᠂  ᠬᠡᠷᠡᠭᠵᠢᠭᠦᠯᠵᠦ ᠪᠣᠯᠬᠤᠶᠢᠴᠠ ᠠᠷᠭᠠᠴᠠᠬᠤ ᠪᠣᠳᠣᠯᠭ᠎ᠠ ᠶᠢ     ᠬᠠᠩᠭᠠᠵᠤ᠂ ᠨᠢᠭᠡ ᠪᠦᠯᠦᠭ ᠦᠨ᠎ᠡ  ᠦᠷᠳᠡᠭ ᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠪᠤᠢ ᠪᠣᠯᠭᠠᠨ᠎ᠠ ᠭᠡᠵᠦ  ᠴᠢᠬᠤᠯᠠᠴᠢᠯᠠᠪᠠ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ  ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠶᠢ  ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠤᠭᠳᠠᠭᠠᠭᠰᠠᠨ︾ ᠰᠢᠢᠳᠪᠦᠷᠢᠯᠡᠭᠴᠢ  ᠴᠢᠨᠠᠷᠲᠠᠢ ᠠᠴᠢ ᠬᠤᠯᠪᠣᠭᠳᠠᠯ ᠢ ᠨᠡᠩ ᠤᠬᠠᠮᠰᠠᠷ ᠠᠴᠠ ᠪᠠᠨ ᠭᠦᠨᠵᠡᠭᠡᠢ ᠣᠶᠢᠯᠠᠭᠠᠵᠤ᠂ ︽ ᠲᠦᠷᠪᠡᠨ ᠤᠬᠠᠮᠰᠠᠷ︾ ᠢᠶᠠᠨ ᠴᠢᠩᠭᠠᠷᠠᠭᠤᠯᠤᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ ᠬᠤᠶᠠᠷ ᠢ ᠬᠦᠷᠢᠶᠡᠯᠡᠬᠦ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂  ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢᠶᠠᠨ  ᠲᠠᠰᠤᠷᠠᠯᠳᠠ ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ  ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ  ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠬᠤ  ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ  ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠣᠷᠣᠨ ᠰᠠᠭᠤᠴᠠ ᠶᠢᠨ  ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠲᠡᠷᠡ ᠶᠣᠰᠣᠭᠠᠷ ᠨᠢ ᠲᠤᠤᠱᠯᠠᠭᠤᠯᠤᠨ  ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠡᠶᠢᠲᠡᠯᠢᠭ ᠬᠡᠷᠡᠭ ᠤᠨ  ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂  ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠡᠷᠡᠭᠵᠢᠭᠦᠯᠦᠭᠰᠡᠨ ︽ᠡᠷᠭᠢᠵᠦ  ᠬᠠᠷᠠᠬᠤ︾ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ︽ᠬᠠᠭᠤᠴᠢᠨ ᠠᠰᠠᠭᠤᠳᠠᠯ︾  ᠢ ᠠᠳᠬᠤᠵᠤ  ᠂ ︽ᠰᠢᠨ᠎ᠡ ᠢᠯᠡᠷᠡᠯ︾ ᠢ ᠠᠩᠬᠠᠷᠴᠤ᠂ ᠤᠯᠠᠮ ᠴᠢᠨᠠᠭᠰᠢᠳᠠ ᠶᠣᠰᠣ ᠳᠦᠷᠢᠮ ᠢ ᠲᠣᠳᠣᠷᠬᠠᠶᠢᠯᠠᠵᠤ᠂  ᠠᠰᠠᠭᠤᠳᠠᠯ ᠢ ᠪᠠᠶᠢᠴᠠᠭᠠᠵᠤ᠂ ᠴᠢᠩᠭ᠎ᠠ ᠨᠡᠬᠡᠮᠵᠢᠯᠡᠵᠦ᠂ ᠰᠤᠷᠲᠠᠯ ᠴᠢᠬᠡᠴᠢ ᠣᠪᠣᠷ ᠲᠥᠪ ᠪᠠᠶᠢᠬᠤ  ᠂ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠢᠳᠡᠪᠬᠢ ᠬᠦᠴᠦᠨ ᠢ ᠬᠤᠷᠠᠮᠳᠤᠭᠤᠯᠵᠤ᠂  ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ  ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ᠂ ᠪᠦᠬᠦ ᠣᠷᠣᠨ ᠤ ᠬᠤᠳᠠ ᠶᠢᠨ  ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠠᠵᠢᠯ ᠢ ᠨᠢᠭᠡᠳᠦᠯᠲᠡᠢ  ᠲᠥᠯᠥᠪᠵᠢᠭᠦᠯᠦᠨ ᠰᠠᠶᠢᠲᠤᠷ ᠠᠳᠬᠤᠵᠤ᠂ ᠪᠠᠴᠢᠮ ᠬᠡᠷᠡᠭᠯᠡᠭᠡ ᠶᠢ ᠤᠷᠢᠳᠠᠪᠠᠷ ᠬᠡᠷᠡᠭᠵᠢᠭᠦᠯᠵᠦ᠂  ᠭᠤᠣᠯᠳᠠᠯᠭ᠎ᠠ ᠲᠠᠢ᠂ ᠠᠯᠬᠤᠮ ᠲᠠᠷᠠᠭ᠎ᠠ ᠬᠤᠪᠢᠶᠠᠨ ᠯᠠᠪᠳᠠᠭᠤᠨ ᠢᠶᠠᠷ ᠠᠬᠢᠭᠤᠯᠬᠤ ᠶᠢ  ᠪᠠᠷᠢᠮᠲᠠᠯᠠᠬᠤ ᠬᠡᠷᠡᠭᠲᠡᠢ᠃ ᠰᠡᠳᠬᠢᠬᠦᠢ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠪᠡᠯᠡ  ᠣᠷᠤᠭᠤᠯᠤᠯᠲᠠ ᠪᠡᠯᠡ ᠲᠣᠬᠢᠷᠠᠭᠤᠯᠭ᠎ᠠ ᠶᠢᠨ ᠵᠠᠭᠪᠤᠷ ᠲᠤ ᠰᠢᠨ᠎ᠡ ᠶᠢ ᠡᠭᠦᠳᠴᠦ᠂  ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠢ ᠬᠠᠶᠢᠨ ᠰᠦᠪᠡᠭᠴᠢᠯᠡᠵᠦ᠂ ᠨᠡᠶᠢᠭᠡᠮ ᠤᠨ  ᠬᠥᠷᠥᠩᠭᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠢᠳᠡᠪᠬᠢᠲᠡᠢ ᠪᠠᠷ  ᠬᠥᠲᠥᠯᠥᠨ ᠵᠢᠯᠤᠭᠤᠳᠴᠤ᠂ ᠭᠤᠷᠪᠠᠳᠠᠭᠢ ᠡᠲᠡᠭᠡᠳ ᠤᠨ ᠲᠤᠰᠬᠠᠢ ᠮᠡᠷᠭᠡᠵᠢᠯ ᠤᠨ ᠬᠦᠴᠦᠨ ᠢ  ᠬᠤᠲᠠ ᠶᠢᠨ ᠠᠮᠤᠷ ᠲᠦᠪᠰᠢᠨ ᠤ ᠠᠵᠢᠯᠯᠠᠭᠠᠨ ᠳᠤ ᠤᠷᠤᠯᠴᠠᠭᠤᠯᠤᠨ᠎ᠠ᠃ ︽ᠥᠪᠡᠷᠲᠡᠭᠡᠨ ᠵᠠᠰᠠᠬᠤ  ᠣᠷᠣᠨ ᠤ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ  ᠪᠠᠶᠢᠭᠤᠯᠤᠯᠲᠠ ᠶᠢᠨ ᠲᠥᠰᠥᠯ︾ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ ᠠᠶᠢᠮᠠᠭ  ᠬᠤᠲᠠ ᠶᠢᠨ ᠵᠠᠰᠠᠭ ᠤᠨ ᠣᠷᠳᠣᠨ ᠢ ᠵᠢᠯᠣᠭᠤᠳᠤᠨ ᠬᠤᠲᠠ ᠶᠢᠨ ᠰᠠᠭᠤᠷᠢ ᠪᠡᠯᠡᠳᠬᠡᠮᠵᠢ ᠶᠢᠨ  ᠨᠡᠶᠢᠳᠡᠮ ᠪᠠᠶᠢᠴᠠᠭᠠᠯᠲᠠ ᠪᠠ ᠲᠦᠭᠰᠢᠭᠦᠷᠢ ᠶᠢᠨ ᠦᠨᠡᠯᠡᠨ ᠵᠢᠱᠢᠯᠲᠡ ᠶᠢ ᠪᠥᠬᠦ ᠲᠠᠯ᠎ᠠ ᠪᠠᠷ  ᠥᠷᠨᠢᠭᠦᠯᠵᠦ᠂ ᠭᠠᠵᠠᠷ ᠳᠡᠭᠡᠷᠡᠬᠢ ᠪᠠ ᠭᠠᠵᠠᠷ ᠳᠣᠣᠷᠠᠬᠢ ᠬᠤᠲᠠ ᠶᠢᠨ ᠰᠠᠭᠤᠷᠢ  ᠪᠡᠯᠡᠳᠬᠡᠮᠵᠢ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠤᠨ᠂ ᠬᠤᠲᠠ ᠶᠢᠨ ᠰᠠᠭᠤᠷᠢ  ᠪᠡᠯᠡᠳᠬᠡᠮᠵᠢ ᠶᠢᠨ ᠲᠦᠭᠰᠢᠭᠦᠷᠢ ᠶᠢᠨ ᠴᠡᠭ ᠪᠠ ᠲᠦᠭᠰᠢᠭᠦᠷᠢ ᠶᠢᠨ ᠢᠷᠡᠯᠲᠡ ᠶᠢ ᠣᠨᠣᠪᠴᠢᠲᠠᠢ  ᠡᠷᠢᠵᠦ᠂ ᠪᠦᠲᠦᠭᠡᠨ ᠪᠠᠶᠢᠭᠤᠯᠬᠤ ᠲᠥᠰᠥᠯ ᠢ ᠤᠯᠠᠮ ᠨᠢᠭᠡ ᠠᠯᠬᠤᠮ ᠨᠠᠶᠢᠷᠠᠭᠤᠯᠤᠨ ᠵᠣᠬᠢᠶᠠᠵᠤ  ᠲᠡᠭᠦᠯᠳᠡᠷᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ  ᠣᠯᠭᠤᠬᠤ ᠶᠢ ᠪᠠᠷᠢᠮᠲᠠᠯᠠᠵᠤ᠂ ᠬᠤᠳᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ᠂  ᠰᠠᠭᠤᠷᠢ ᠲᠥᠬᠦᠭᠡᠷᠦᠮᠵᠢ ᠶᠢᠨ ᠣᠶᠤᠨᠴᠢᠯᠠᠯᠲᠠ᠂ ᠤᠯᠠᠨ ᠨᠡᠶᠢᠲᠡ ᠶᠢᠨ ᠦᠢᠯᠡᠴᠢᠯᠡᠭᠡ ᠶᠢ ᠳᠥᠭᠦᠮ  ᠳᠥᠲᠡ ᠪᠣᠯᠭᠠᠬᠤ ᠪᠠ ᠨᠡᠶᠢᠭᠡᠮ ᠤᠨ ᠵᠠᠰᠠᠯᠲᠠ ᠶᠢ ᠨᠠᠷᠢᠯᠢᠭᠵᠢᠭᠤᠯᠤᠨ ᠬᠥᠭᠵᠢᠭᠦᠯᠬᠦ ᠶᠢ  ᠲᠦᠷᠭᠡᠳᠬᠡᠵᠦ᠂ ᠮᠡᠳᠡᠭᠡ ᠵᠠᠩᠭᠢ ᠶᠢᠨ ᠮᠡᠷᠭᠡᠵᠢᠯ᠂ ᠮᠡᠳᠡᠭᠡ ᠵᠠᠩᠭᠢ ᠶᠢᠨ ᠡᠬᠢ ᠪᠠᠶᠠᠯᠢᠭ  ᠬᠢᠭᠡᠳ ᠬᠤᠳᠠ ᠶᠢᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠵᠤ᠂  ᠠᠶᠤᠯᠭᠦᠢ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠲᠡᠭᠦᠯᠳᠡᠷᠵᠢᠭᠦᠯᠵᠦ᠂  ᠬᠤᠳᠠ ᠶᠢᠨ ᠰᠠᠭᠤᠷᠢ ᠲᠥᠬᠦᠭᠡᠷᠦᠮᠵᠢ ᠶᠢᠨ ᠠᠮᠢᠨ ᠰᠤᠳᠠᠰᠤᠨ ᠤ ᠠᠵᠢᠯᠯᠠᠭᠠᠨ ᠤ ︽ᠨᠢᠭᠡ  ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠶᠢ ᠲᠦᠯᠬᠢᠨ ᠠᠬᠢᠭᠤᠯᠵᠤ᠂ ᠠᠶᠤᠯ  ᠲᠦᠭᠰᠢᠭᠦᠷᠢ ᠶᠢᠨ ᠲᠠᠯᠳᠠ ᠭᠡᠮ ᠢ ᠪᠦᠬᠦ ᠬᠦᠷᠢᠶ᠎ᠡ᠂ ᠪᠦᠬᠦ ᠴᠠᠭ᠂ ᠪᠦᠬᠦ ᠶᠠᠪᠤᠴᠠ ᠪᠠᠷ ᠬᠢᠨᠠᠨ  ᠡᠵᠡᠮᠳᠡᠬᠦ ᠶᠢ ᠪᠡᠶᠡᠯᠡᠭᠦᠯᠦᠨ᠎ᠡ ᠭᠡᠵᠦ ᠴᠢᠬᠤᠯᠠᠴᠢᠯᠠᠪᠠ᠃       ᠬᠤᠷᠠᠯ ᠠᠴᠠ ︽2023 ᠣᠨ ᠤ ᠲᠥᠪ ᠤᠨ ᠪᠠ  ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠬᠤᠳᠠ ᠪᠠᠯᠭᠠᠰᠤᠨ ᠤ ᠪᠠᠳᠤᠯᠠᠭ᠎ᠠ ᠶᠢᠨ  ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠢ ᠲᠦᠷᠢᠶᠡᠰᠦᠨ ᠣᠷᠣᠨ ᠰᠠᠭᠤᠴᠠ ᠶᠢᠨ  ᠪᠠᠲᠤᠯᠠᠭ᠎ᠠ ᠪᠠ ᠬᠤᠳᠠ ᠶᠢᠨ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠰᠢᠨᠡᠳᠬᠡᠨ  ᠵᠠᠰᠠᠬᠤ ᠨᠥᠬᠦᠪᠦᠷᠢ ᠪᠡᠯᠡ ᠮᠥᠩᠭᠦ ᠶᠢᠨ ᠬᠤᠪᠢᠶᠠᠷᠢᠯᠠᠯᠲᠠ ᠳᠤ ᠬᠡᠷᠡᠭᠯᠡᠬᠦ ᠰᠠᠨᠠᠭᠤᠯᠭ᠎ᠠ︾᠂ ︽ 2023 ᠣᠨ ᠤ ᠲᠥᠪ ᠤᠨ ᠡᠳ᠋ ᠤᠨ ᠵᠠᠰᠠᠭ ᠤᠨ ᠬᠤᠳᠠ ᠪᠠᠯᠭᠠᠰᠤᠨ ᠤ ᠪᠠᠳᠤᠯᠠᠭ᠎ᠠ ᠶᠢᠨ ᠴᠢᠨᠠᠷᠲᠠᠢ  ᠬᠢᠮᠳᠠ ᠣᠷᠣᠨ ᠰᠠᠭᠤᠴᠠ ᠶᠢᠨ ᠢᠨᠵᠧᠨᠧᠷᠢᠩ ᠢ ᠬᠤᠳᠠ ᠪᠠᠯᠭᠠᠰᠤᠨ ᠤ ᠬᠠᠭᠤᠴᠢᠨ ᠬᠠᠭᠤᠴᠢᠪᠳᠤᠷ  ᠲᠣᠭᠤᠷᠢᠭ ᠢ ᠰᠢᠨᠡᠳᠬᠡᠨ ᠵᠠᠰᠠᠬᠤ ᠨᠥᠬᠦᠪᠦᠷᠢ ᠪᠡᠯᠡ ᠮᠥᠩᠭᠦ ᠶᠢᠨ ᠬᠤᠪᠢᠶᠠᠷᠢᠯᠠᠯᠲᠠ ᠳᠤ  ᠬᠡᠷᠡᠭᠯᠡᠬᠦ ᠰᠠᠨᠠᠭᠤᠯᠭ᠎ᠠ︾ ᠶᠢ ᠰᠤᠳᠤᠯᠵᠠᠢ᠃ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ