5 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠢᠨᠵᠧᠨᠧᠷᠢᠩ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠣᠳᠣᠬᠠᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠪᠠᠷᠢᠯᠭ᠎ᠠ ᠶᠢᠨ | ᠠᠵᠢᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠭᠦᠨᠵᠡᠭᠡᠶ ᠵᠠᠳᠠᠯᠤᠨ᠂ ᠲᠠᠷᠠᠭᠠᠴᠢ ᠶᠢᠨ ᠱᠠᠲᠤᠨ ᠤ ᠪᠠᠷᠢᠯᠭ᠎ᠠ ᠶᠢᠨ ᠠᠵᠢᠯ ᠤᠨ ᠠᠶᠤᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠤᠨ᠂ ᠬᠡᠷᠡᠭ ᠢᠶᠠᠷ ᠲᠤᠯᠢ ᠪᠣᠯᠭᠠᠨ ᠭᠦᠨᠵᠡᠭᠡᠢ | ᠲᠤᠩᠭᠠᠨ ᠪᠣᠳᠣᠯᠬᠢᠯᠠᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠢ ᠰᠡᠷᠭᠡᠶᠢᠯᠡᠬᠦ ᠬᠠᠷᠢᠭᠤᠴᠠᠯᠭᠠᠲᠤ ᠰᠡᠳᠬᠢᠯᠭᠡ ᠪᠠᠨ ᠳᠡᠭᠡᠭᠰᠢᠯᠡᠭᠦᠯᠦᠨ᠂ ᠠᠵᠤ ᠠᠬᠤᠶᠢᠯᠠᠯ ᠤᠨ | ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠨ ᠴᠢᠩᠭ᠎ᠠ ᠬᠢᠨᠠᠨ ᠬᠠᠮᠢᠶᠠᠷᠴᠤ᠂ ᠠᠶᠤᠯᠭᠦᠢ ᠦᠢᠯᠡᠳᠪᠦᠷᠢᠯᠡᠯ ᠤᠨ ︽ᠠᠷᠪᠠᠨ ᠲᠠᠪᠤᠨ ᠵᠦᠢᠯ ᠤᠨ ᠠᠷᠭ᠎ᠠ ᠬᠡᠮᠵᠢᠶ᠎ᠡ︾ | ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠯᠳᠤ ᠪᠠᠷ ᠡᠴᠦᠰ ᠲᠤᠨᠢ ᠲᠤᠯᠲᠠᠯ᠎ᠠ᠂ ᠬᠥᠨᠳᠡᠯᠡᠨ ᠢᠶᠠᠷ ᠬᠥᠪᠡᠭᠡ ᠵᠠᠬ᠎ᠠ ᠬᠦᠷᠲᠡᠯ᠎ᠡ᠂ ᠥᠨᠴᠥᠭ ᠪᠤᠯᠤᠩ | ᠦᠯᠡᠳᠡᠭᠡᠬᠦ ᠦᠭᠡᠢ᠂ ᠪᠠᠯᠠᠢ ᠣᠷᠣᠨ ᠦᠯᠡᠳᠡᠭᠡᠬᠦ ᠦᠭᠡᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠣᠣᠷ ᠢ ᠪᠠᠶᠢᠭᠤᠯᠬᠤ ᠬᠡᠷᠡᠭᠲᠡᠢ | ᠭᠡᠵᠦ ᠴᠢᠬᠤᠯᠠᠴᠢᠯᠠᠵᠠᠢ᠃ | ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯᠲᠠᠳ ᠠᠵᠢᠯ ᠤᠨ ᠪᠠᠶᠢᠷᠢ ᠳᠠᠭᠠᠨ ᠬᠦᠷᠴᠦ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠪᠠᠲᠤᠯᠠᠵᠤ᠂ ︽ᠠᠮᠤᠷ ᠲᠦᠪᠰᠢᠨ ᠤ ᠡᠳᠦᠷ ᠤᠨ | ᠲᠡᠮᠳᠡᠭᠯᠡᠯ︾ ᠢ ᠵᠢᠷᠤᠮᠵᠢᠭᠤᠯᠤᠨ ᠲᠠᠭᠯᠠᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠴᠢᠬᠤᠯᠠᠴᠢᠯᠠᠬᠤ ᠬᠡᠷᠡᠭᠲᠡᠢ᠃ ᠲᠦᠭᠰᠢᠭᠦᠷᠢᠲᠦ ᠴᠢᠨᠠᠷ ᠢᠶᠠᠷ ᠨᠡᠯᠢᠶᠡᠳ ᠶᠡᠭᠡ | ᠲᠦᠷᠦᠯ ᠵᠦᠢᠯ ᠤᠨ ᠬᠢᠨᠠᠯᠲᠠ ᠬᠠᠮᠢᠶᠠᠷᠤᠯᠲᠠ ᠶᠢ ᠪᠣᠳᠠᠲᠠᠢ ᠠᠳᠬᠤᠵᠤ᠂ ᠪᠠᠷᠢᠯᠭ᠎ᠠ ᠶᠢᠨ ᠠᠵᠢᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ | ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠪᠠ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ | ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠵᠠᠢ᠃ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠢᠨᠵᠧᠨᠧᠷᠢᠩ ᠤᠨ ᠶᠠᠰᠤ | ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ | ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ᠂ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠬᠥᠬᠡᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ | ᠦᠢᠯᠡᠴᠢᠯᠡᠭᠡᠨ ᠤ ᠲᠥᠪ᠂ ᠰᠢᠨ᠎ᠡ ᠬᠤᠲᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠨ᠎ᠡ | ᠬᠤᠲᠠ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ ᠤᠨ | ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠵᠢᠴᠢ ᠠᠵᠤ ᠠᠬᠤᠶᠢᠯᠠᠯ ᠤᠨ ᠢᠨᠵᠧᠨᠧᠷᠢᠩ ᠤᠨ ᠲᠥᠷᠥᠯ ᠵᠦᠢᠯ ᠤᠨ ᠬᠠᠮᠢᠶ᠎ᠠ ᠪᠥᠬᠦᠶ ᠬᠥᠮᠦᠰ ᠬᠤᠷᠠᠯ ᠳᠤ | ᠣᠷᠣᠯᠴᠠᠵᠠᠶ᠃ | |