﹇ᠪᠦᠬᠦ ᠣᠷᠣᠨ ᠤ ᠪᠠᠷᠢᠮᠵᠢᠶ᠎ᠠ ᠨᠣᠷᠮ᠎ᠠ ᠪᠠ ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠲᠤᠷᠰᠢᠯᠭ᠎ᠠ﹈ ᠴᠢᠩᠭ᠎ᠠ ᠬᠢᠨᠠᠨ ᠬᠠᠮᠢᠶᠠᠷᠴᠤ᠂ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠪᠠ ᠰᠠᠭᠠᠳ ᠦᠭᠡᠢ ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠬᠤ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2023/5/18
      ᠤᠯᠠᠭᠠᠨᠬᠠᠳᠠ ᠬᠤᠲᠠ ᠶᠢᠨ ᠣᠷᠣᠨ ᠰᠠᠭᠤᠴᠠ ᠪᠠ  ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︽ᠥᠪᠥᠷ ᠮᠣᠩᠭᠤᠯ ᠤᠨ  ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠭᠳᠠᠭᠠᠯ︾  ︽ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠠᠰᠤᠵᠢᠯ ᠤᠨ  ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠪᠠ ᠰᠠᠭᠠᠳ ᠥᠬᠡᠶ ᠪᠡᠯᠡᠳᠬᠡᠮᠵᠢ ᠶᠢ  ᠳᠣᠭᠢᠷᠠᠭᠤᠯᠤᠨ ᠪᠠᠶᠢᠭᠤᠯᠬᠤ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ  ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠵᠡᠷᠭᠡ  ᠬᠤᠯᠪᠣᠭᠳᠠᠯ ᠪᠥᠬᠦᠶ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠂  ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠨᠠᠰᠤᠵᠢᠯ ᠤᠨ  ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠵᠢᠴᠢ ᠰᠠᠭᠠᠳ ᠥᠬᠡᠶ ᠪᠡᠯᠡᠳᠬᠡᠮᠵᠢ ᠶᠢᠨ  ᠪᠥᠲᠥᠭᠡᠨ ᠪᠠᠶᠢᠭᠤᠯᠤᠯᠲᠠ ᠶᠢᠨ ᠠᠵᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠮᠦᠨ  ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠭᠠᠬᠤ ᠰᠢᠢᠳᠪᠦᠷᠢᠲᠦ ᠪᠣᠳᠣᠯᠭ᠎ᠠ ᠶᠢᠨ  ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂  ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠥᠬᠦ ᠲᠠᠯ᠎ᠠ ᠪᠠᠷ ᠠᠬᠢᠭᠤᠯᠪᠠ᠃     ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ ᠨᠠᠶᠢᠳᠠᠪᠤᠷᠢᠵᠢᠭᠤᠯᠤᠯᠲᠠ ᠶᠢ ᠠᠳᠬᠤᠪᠠ᠃ ᠤᠯᠠᠭᠠᠨᠬᠠᠳᠠ ᠬᠤᠲᠠ ᠶᠢᠨ ᠠᠷᠠᠳ ᠤᠨ  ᠵᠠᠰᠠᠭ ᠤᠨ ᠣᠷᠳᠣᠨ ︽ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ  ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠪᠠ ᠰᠠᠭᠠᠳ ᠥᠬᠡᠶ ᠪᠡᠯᠡᠳᠬᠡᠮᠵᠢ ᠶᠢ  ᠲᠣᠬᠢᠷᠠᠭᠤᠯᠤᠨ ᠪᠠᠶᠢᠭᠤᠯᠬᠤ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ  ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠢ  ᠳᠠᠷᠤᠮᠠᠯᠯᠠᠨ ᠲᠠᠷᠬᠠᠭᠠᠨ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ  ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠪᠠ ᠰᠠᠭᠠᠳ ᠥᠬᠡᠶ ᠪᠡᠯᠡᠳᠬᠡᠮᠵᠢ ᠶᠢ  ᠲᠣᠬᠢᠷᠠᠭᠤᠯᠤᠨ ᠪᠠᠶᠢᠭᠤᠯᠬᠤ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃ ᠰᠢᠨ᠎ᠡ ᠪᠠᠷ  ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ  ᠪᠡᠯᠡᠳᠬᠡᠮᠵᠢ ᠶᠢᠨ ᠢᠵᠢ ᠪᠥᠷᠢᠳᠦᠭᠦᠯᠦᠨ ᠪᠠᠶᠢᠭᠤᠯᠬᠤ ᠠᠵᠢᠯ ᠤᠨ ᠬᠠᠮᠲᠤᠷᠠᠭᠰᠠᠨ ᠬᠤᠷᠠᠯ ᠤᠨ  ᠲᠦᠷᠢᠮ ᠢ ᠪᠠᠶᠢᠭᠤᠯᠤᠨ᠂ ᠤᠯᠠᠭᠠᠨᠬᠠᠳᠠ ᠬᠤᠲᠠ ᠶᠢᠨ ᠰᠠᠭᠠᠳ ᠥᠬᠡᠶ ᠣᠷᠴᠢᠨ ᠲᠣᠭᠤᠷᠢᠨ ᠤ  ᠪᠥᠲᠥᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠵᠣᠬᠢᠶᠠᠨ  ᠪᠠᠶᠢᠭᠤᠯᠤᠨ ᠤᠳᠤᠷᠢᠳᠬᠤ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂  ᠮᠡᠳᠡᠭᠡ ᠵᠠᠩᠭᠢ ᠶᠢ ᠬᠠᠮᠲᠤ ᠪᠠᠷ ᠡᠳ᠋ᠯᠡᠨ ᠬᠠᠷᠢᠯᠴᠠᠨ ᠨᠡᠪᠲᠡᠷᠡᠯᠴᠡᠬᠦ ᠶᠢ  ᠭᠦᠨᠵᠡᠭᠡᠶᠢᠷᠡᠭᠦᠯᠵᠦ᠂ ᠬᠦᠴᠦ ᠪᠠᠨ ᠬᠠᠮᠲᠤᠳᠬᠠᠨ ᠡᠯ᠎ᠡ ᠵᠦᠢᠯ ᠤᠨ ᠠᠵᠢᠯ  ᠢ ᠤᠷᠤᠭᠰᠢᠲᠠᠶ  ᠥᠷᠨᠢᠭᠦᠯᠵᠡᠢ᠃     ᠬᠠᠷᠢᠭᠤᠴᠠᠯᠭ᠎ᠠ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠪᠠ᠃ ᠤᠯᠠᠭᠠᠨᠬᠠᠳᠠ ᠬᠤᠲᠠ ᠶᠢᠨ ᠣᠷᠣᠨ ᠰᠠᠭᠤᠴᠠ ᠪᠠ  ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︽ᠰᠢᠨ᠎ᠡ ᠪᠠᠷ ᠪᠠᠶᠢᠭᠤᠯᠤᠭᠰᠠᠨ  ᠣᠷᠣᠨ ᠰᠠᠭᠤᠴᠠ ᠶᠢᠨ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ  ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠬᠤ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾ ᠢ  ᠳᠠᠷᠤᠮᠠᠯᠯᠠᠨ ᠲᠠᠷᠬᠠᠭᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠ ᠬᠠᠮᠢᠶᠠᠷᠤᠯᠲᠠ ᠶᠢᠨ  ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠪᠦᠲᠦᠭᠡᠨ ᠪᠠᠶᠢᠭᠤᠯᠤᠯᠲᠠ ᠶᠢᠨ  ᠲᠥᠷᠥᠯ ᠵᠦᠢᠯ ᠤᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ ᠤᠨ ᠵᠢᠷᠤᠭ ᠢ ᠬᠢᠨᠠᠨ  ᠪᠠᠶᠢᠴᠠᠭᠠᠬᠤ᠂ ᠪᠠᠷᠢᠯᠭ᠎ᠠ ᠪᠠᠷᠢᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ  ᠵᠠᠩᠭᠢᠯᠠᠭ᠎ᠠ ᠶᠢᠨ ᠪᠣᠭᠤᠮᠲᠠ ᠶᠢ ᠴᠢᠩᠭ᠎ᠠ ᠠᠳᠬᠤᠵᠤ᠂ ᠰᠢᠮᠳᠠᠭᠤᠯᠬᠤ ᠡᠷᠴᠢᠮ ᠢᠶᠠᠨ  ᠴᠢᠩᠭᠠᠷᠠᠭᠤᠯᠤᠨ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ  ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢ ᠲᠣᠬᠢᠷᠠᠭᠤᠯᠤᠨ  ᠪᠠᠶᠢᠭᠤᠯᠬᠤ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠪᠠ᠃     ᠲᠣᠬᠢᠷᠠᠭᠤᠯᠤᠯᠲᠠ ᠶᠢ ᠴᠢᠩᠭᠠᠳᠬᠠᠨ ᠨᠠᠶᠢᠳᠠᠪᠤᠷᠢᠵᠢᠭᠤᠯᠤᠯᠲᠠ ᠶᠢ ᠠᠳᠬᠤᠪᠠ᠃ ᠰᠢᠨ᠎ᠡ ᠪᠠᠷ ᠪᠠᠶᠢᠭᠤᠯᠤᠭᠰᠠᠨ ᠣᠷᠣᠨ  ᠰᠠᠭᠤᠴᠠ ᠶᠢᠨ ᠲᠣᠭᠤᠷᠢᠭ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ  ᠪᠠ ᠰᠠᠭᠠᠳ ᠥᠬᠡᠶ ᠪᠡᠯᠡᠳᠬᠡᠮᠵᠢ ᠶᠢᠨ ᠠᠵᠢᠯ ᠤᠨ ᠡᠬᠡ ᠲᠠᠩᠰᠠ ᠶᠢ ᠪᠠᠶᠢᠭᠤᠯᠤᠨ᠂  ᠢᠨᠵᠧᠨᠧᠷᠢᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠰᠠᠷ᠎ᠠ ᠪᠠᠷ  ᠪᠦᠷᠢᠳᠬᠡᠨ ᠲᠣᠬᠢᠷᠠᠭᠤᠯᠵᠠᠢ᠃ ᠪᠠᠷᠢᠮᠵᠢᠶ᠎ᠠ ᠳᠤ ᠬᠦᠷᠦᠭᠡᠳᠦᠶ ᠰᠢᠨ᠎ᠡ ᠪᠠᠷ ᠪᠠᠶᠢᠭᠤᠯᠤᠭᠰᠠᠨ  ᠣᠷᠣᠨ ᠰᠠᠭᠤᠴᠠ ᠶᠢᠨ ᠲᠣᠭᠤᠷᠢᠭ ᠤᠨ ᠲᠥᠷᠥᠯ ᠵᠦᠢᠯ ᠳᠤ᠂ ᠬᠠᠷᠢᠶ᠎ᠠ ᠭᠠᠵᠠᠷ ᠤᠨ ᠵᠠᠰᠠᠭ ᠤᠨ  ᠣᠷᠳᠣᠨ ᠢ ᠰᠢᠮᠳᠠᠭᠤᠯᠵᠤ ᠪᠠᠶᠢᠭᠠᠳ ᠬᠠᠮᠢᠶ᠎ᠠ ᠪᠥᠬᠦᠶ ᠰᠠᠯᠠᠭ᠎ᠠ ᠮᠥᠴᠢᠷ ᠢ ᠨᠢᠭᠡᠳᠦᠯᠲᠡᠶ  ᠲᠥᠯᠥᠪᠯᠡᠨ ᠵᠣᠬᠢᠴᠠᠭᠤᠯᠤᠨ᠂ ᠪᠣᠳᠠᠲᠠᠶ ᠴᠡᠭᠴᠡᠯᠡᠨ ᠰᠠᠶᠢᠵᠢᠷᠠᠭᠤᠯᠬᠤ ᠲᠥᠰᠦᠯ ᠢ  ᠨᠡᠶᠢᠲᠡᠯᠡᠭᠰᠡᠨ ᠪᠥᠭᠡᠳ ᠪᠣᠳᠠᠲᠠᠶ ᠪᠠᠷ ᠨᠠᠶᠢᠳᠠᠪᠤᠷᠢᠵᠢᠭᠤᠯᠵᠠᠢ᠃ 2022 ᠣᠨ ᠠᠴᠠ ᠨᠠᠭᠠᠰᠢ  ᠤᠯᠠᠭᠠᠨᠬᠠᠳᠠ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ  ᠪᠠᠷᠢᠯᠭ᠎ᠠ ᠳᠠᠭᠤᠰᠤᠭᠰᠠᠨ ᠲᠥᠷᠥᠯ ᠵᠦᠢᠯ ᠳᠤ ᠴᠥᠮ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠪᠡᠯᠡᠳᠬᠡᠮᠵᠢ ᠲᠣᠬᠢᠷᠠᠭᠤᠯᠤᠨ ᠪᠠᠶᠢᠭᠤᠯᠵᠤ᠂ ᠰᠢᠨ᠎ᠡ ᠪᠠᠷ ︵ᠥᠭᠡᠷᠡᠴᠢᠯᠡᠨ  ᠰᠠᠶᠢᠵᠢᠷᠠᠭᠤᠯᠤᠭᠰᠠᠨ᠂ ᠥᠷᠭᠡᠳᠬᠡᠭᠰᠡᠨ︶ ᠵᠠᠮ ᠪᠠ ᠣᠯᠠᠨ ᠨᠡᠶᠢᠲᠡ ᠶᠢᠨ ᠪᠠᠷᠢᠯᠭ᠎ᠠ ᠶᠢᠨ ᠠᠵᠢᠯ  ᠳᠠᠭᠤᠰᠤᠭᠰᠠᠨ ᠲᠥᠷᠥᠯ ᠵᠦᠢᠯ ᠳᠤ ᠴᠥᠮ ᠰᠠᠭᠠᠳ ᠥᠬᠡᠶ ᠪᠡᠯᠡᠳᠬᠡᠮᠵᠢ ᠪᠠᠶᠢᠭᠤᠯᠤᠭᠰᠠᠨ ᠪᠠᠶᠢᠨ᠎ᠠ᠃     ᠲᠠᠷᠠᠭᠠᠴᠢ ᠶᠢᠨ ᠠᠯᠬᠤᠮ ᠳᠤ᠂ ᠤᠯᠠᠭᠠᠨᠬᠠᠳᠠ  ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ  ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠳᠥᠷᠪᠡ ᠶᠢ ᠵᠡᠷᠭᠡ ᠪᠠᠷ︾  ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ  ᠴᠢᠩᠭᠠᠷᠠᠭᠤᠯᠤᠨ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ  ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠪᠠ ᠰᠠᠭᠠᠳ ᠥᠬᠡᠶ ᠪᠡᠯᠡᠳᠬᠡᠮᠵᠢ ᠶᠢᠨ ᠪᠥᠲᠥᠭᠡᠨ  ᠪᠠᠶᠢᠭᠤᠯᠤᠯᠲᠠ ᠶᠢ 100% ᠪᠠᠷ ᠪᠠᠷᠢᠮᠵᠢᠶ᠎ᠠ ᠳᠤ ᠬᠦᠷᠭᠡᠬᠦ ᠶᠢ ᠦᠨᠡᠨ ᠬᠦ ᠪᠠᠲᠤᠯᠠᠨ᠎ᠠ᠃ 
ᠢᠷᠡᠯᠲᠡ᠄ ᠤᠯᠠᠭᠠᠨᠬᠠᠳᠠ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠲᠤᠪᠴᠢᠶ᠎ᠠ