ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ ᠬᠥᠭᠵᠢᠯᠲᠡ ᠶᠢ ᠠᠬᠢᠭᠤᠯᠬᠤ ᠲᠥᠪ ︽ᠬᠤᠲᠠ ᠶᠢᠨ ᠤᠰᠤ ᠠᠷᠪᠢᠯᠠᠨ ᠬᠡᠷᠡᠭᠯᠡᠬᠦ︾ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2023/5/19
  5 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ ᠬᠥᠭᠵᠢᠯᠲᠡ ᠶᠢ ᠠᠬᠢᠭᠤᠯᠬᠤ ᠲᠥᠪ ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠡᠭᠦᠨ ᠨᠡᠶᠢᠭᠡᠮ ᠲᠣᠭᠤᠷᠢᠭ ᠲᠠᠢ ᠬᠤᠯᠪᠣᠭᠠᠯᠠᠨ 32 ᠳ᠋ᠤᠭᠠᠷ ᠬᠤᠭᠤᠴᠠᠭᠠᠨ ᠤ ᠪᠥᠬᠦ ᠤᠯᠤᠰ ᠤᠨ ᠬᠤᠲᠠ ᠶᠢᠨ ᠤᠰᠤ ᠠᠷᠪᠢᠯᠠᠬᠤ ᠤᠬᠠᠭᠤᠯᠭ᠎ᠠ ᠵᠢᠴᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠦᠨ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠥᠷᠨᠢᠭᠦᠯᠪᠡ᠃
1.jpg
2.jpg
  ᠠᠵᠢᠯᠯᠠᠭ᠎ᠠ ᠨᠢ ︽ᠬᠤᠲᠠ ᠶᠢᠨ ᠤᠰᠤ ᠠᠷᠪᠢᠯᠠᠬᠤ ᠶᠢ ᠠᠬᠢᠭᠤᠯᠤᠨ᠂ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠶᠢ ᠪᠥᠲᠥᠭᠡᠨ ᠪᠠᠶᠢᠭᠤᠯᠤᠶ᠎ᠠ︾ ᠪᠠᠷ ᠭᠤᠤᠯ ᠰᠡᠳᠦᠪ ᠪᠣᠯᠭᠠᠨ᠂ ᠨᠡᠶᠢᠭᠡᠮ ᠲᠣᠭᠤᠷᠢᠭ᠂ ᠴᠡᠴᠡᠷᠯᠢᠭ᠂ ᠴᠢᠩ ᠴᠧᠩ ᠥᠷᠲᠡᠭᠡ ᠵᠡᠷᠭᠡ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠠᠢ ᠳᠤ ᠤᠬᠠᠭᠤᠯᠭ᠎ᠠ ᠶᠢᠨ ᠬᠠᠭᠤᠳᠠᠰᠦ᠂ ᠤᠷᠢᠶ᠎ᠠ ᠪᠢᠴᠢᠭᠡᠰᠦ ᠡᠯᠭᠦᠬᠦ᠂ ᠬᠤᠲᠠ ᠶᠢᠨ ᠠᠷᠠᠳ ᠲᠤ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠬᠤᠲᠠ ᠶᠢᠨ ᠠᠷᠠᠳ ᠢ ᠬᠤᠲᠠ ᠶᠢᠨ ᠤᠰᠤ ᠠᠷᠪᠢᠯᠠᠬᠤ ᠶᠢ ᠠᠩᠬᠠᠷᠬᠤ ᠶᠢᠨ ᠬᠠᠮᠲᠤ ᠣᠷᠣᠯᠴᠠᠬᠤ ᠶᠢ ᠤᠷᠢᠶᠠᠯᠠᠪᠠ᠃ ᠥᠷᠭᠡᠨ ᠣᠯᠠᠨ ᠰᠠᠭᠤᠭᠠᠯᠢ ᠠᠷᠠᠳ᠂ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠮᠠᠰᠢ ᠣᠯᠠᠨ ᠠᠮᠢᠳᠤᠷᠠᠯ ᠤᠨ ᠳᠤᠮᠳᠠᠬᠢ ᠤᠰᠤ ᠠᠷᠪᠢᠯᠠᠬᠤ ᠤᠷᠠᠨ ᠠᠷᠭ᠎ᠠ ᠶᠢ ᠡᠵᠡᠮᠰᠢᠵᠦ᠂ ᠤᠰᠤ ᠶᠢ ᠠᠷᠪᠢᠯᠠᠨ ᠬᠡᠷᠡᠭᠯᠡᠬᠦ ᠪᠠ ᠤᠰᠤᠨ ᠤ ᠡᠬᠢ ᠪᠠᠶᠠᠯᠢᠭ ᠢ ᠬᠠᠮᠠᠭᠠᠯᠠᠬᠤ ᠶᠢᠨ ᠴᠢᠬᠤᠯᠠ ᠴᠢᠨᠠᠷ ᠢ ᠲᠠᠨᠢᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠤᠬᠠᠮᠰᠠᠷ᠂ ᠬᠠᠯᠠᠭᠤᠨ ᠰᠡᠳᠬᠢᠯᠭᠡ ᠪᠠ ᠠᠵᠢᠯᠯᠠᠭ᠎ᠠ ᠶᠢ ᠬᠥᠭᠵᠢᠭᠡᠵᠦ᠂ ᠬᠤᠶᠢᠰᠢᠳᠠ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠬᠡᠷ ᠪᠦᠯᠢ ᠠᠴᠠ ᠪᠠᠨ ᠡᠬᠢᠯᠡᠨ ᠬᠢᠵᠦ᠂ ᠪᠥᠬᠦ ᠣᠷᠣᠨ ᠤ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠳᠤ ᠥᠪᠡᠷ ᠤᠨ ᠥᠴᠦᠬᠡᠨ ᠬᠦᠴᠦᠨ ᠢᠶᠠᠨ ᠡᠷᠭᠦᠨ᠎ᠡ ᠭᠡᠵᠦ ᠢᠯᠡᠷᠬᠡᠶᠢᠯᠡᠪᠡ᠃   
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ ᠬᠥᠭᠵᠢᠯᠲᠡ ᠶᠢ ᠠᠬᠢᠭᠤᠯᠬᠤ