ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠦᠨᠳᠦ ᠶᠡᠭᠡ ᠠᠳᠡᠯ ᠤᠨ ᠳᠠᠯᠳᠠ ᠬᠡᠮ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ 2023 ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠸᠢᠳᠢᠤ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/22
  5 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠦᠨᠳᠦ ᠶᠡᠭᠡ ᠠᠳᠡᠯ ᠤᠨ ᠳᠠᠯᠳᠠ ᠬᠡᠮ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠸᠢᠳᠢᠣ᠋ ᠬᠤᠷᠠᠯ ᠬᠤᠷᠠᠯᠳᠤᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠯᠢᠦ ᠵᠢᠶᠠᠨ ᠬᠤᠸᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
1.jpg
  ᠬᠤᠷᠠᠯ ᠠᠴᠠ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠤᠨ ᠪᠣᠳᠠᠲᠠᠢ ᠱᠠᠭᠠᠷᠳᠠᠯᠭ᠎ᠠ᠂ ᠠᠭᠤᠯᠭ᠎ᠠ᠂ ᠠᠵᠢᠯ ᠤᠨ ᠲᠤᠬᠢᠷᠠᠭᠤᠯᠤᠯᠳᠠ ᠵᠡᠷᠭᠡ ᠲᠠᠯ᠎ᠠ ᠪᠠᠷ ᠪᠠᠶᠢᠷᠢᠯᠠᠭᠤᠯᠤᠯᠲᠠ ᠬᠢᠵᠡᠢ᠃  ᠬᠤᠷᠠᠯ ᠠᠴᠠ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠶᠤᠯᠭᠦᠢ ᠦᠢᠯᠡᠳᠪᠦᠷᠢᠯᠡᠯ ᠤᠨ 15 ᠵᠤᠷᠪᠤᠰ ᠬᠠᠲᠠᠭᠤ ᠠᠷᠭ᠎ᠠ ᠬᠡᠮᠵᠢᠶ᠎ᠡ᠂ ᠥᠪᠡᠷᠲᠡᠭᠡᠨ ᠵᠠᠰᠠᠬᠤ ᠣᠷᠣᠨ ᠤ 53 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠪᠣᠯᠤᠨ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠦᠨᠳᠦ ᠶᠡᠭᠡ ᠣᠨᠴᠠ ᠶᠡᠭᠡ ᠠᠳᠡᠯ ᠢ ᠰᠡᠷᠭᠡᠶᠢᠯᠡᠬᠦ 24 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠡᠭᠦᠳᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃
2.jpg
  ᠬᠤᠷᠠᠯ ᠠᠴᠠ᠂ ᠬᠦᠨᠳᠦ ᠶᠡᠭᠡ ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ᠂ ᠠᠵᠢᠯ ᠤᠨ ᠵᠦᠭᠯᠡᠭᠦᠷ ᠵᠡᠷᠭᠡ ᠶᠢ ᠴᠢᠩᠭ᠎ᠠ ᠵᠢᠷᠤᠮᠯᠠᠨ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠪᠠᠷᠢᠯᠭ᠎ᠠ ᠶᠢᠨ ᠠᠵᠢᠯ᠂ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠪᠠᠷᠢᠯᠭ᠎ᠠ᠂ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ᠂ ᠪᠣᠬᠢᠷ ᠤᠰᠤ ᠶᠢ ᠰᠢᠢᠳᠪᠦᠷᠢᠯᠡᠬᠦ᠂ ᠬᠢᠵᠠᠭᠠᠷ ᠲᠠᠢ ᠣᠷᠣᠨ ᠵᠠᠢ ᠳᠤ ᠠᠵᠢᠯᠯᠠᠬᠤ ᠵᠢᠴᠢ ᠵᠢᠵᠢᠭ ᠲᠣᠭᠤᠷᠢᠭ ᠤᠨ ᠠᠳᠠᠯ ᠠᠬᠤᠢ ᠵᠡᠷᠭᠡ ᠲᠠᠯ᠎ᠠ ᠶᠢᠨ ᠲᠣᠭᠤᠷᠢᠨ ᠳᠤ ᠠᠵᠢᠯ ᠢᠶᠠᠨ ᠥᠷᠨᠢᠭᠦᠯᠬᠦ ᠬᠡᠷᠡᠭᠲᠡᠢ᠃ ︽ᠬᠦᠨᠳᠦ ᠶᠡᠭᠡ ᠳᠠᠯᠳᠠ ᠭᠡᠮ︾ ᠪᠠ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠲᠣᠪᠤᠶᠢᠮ᠎ᠠ ᠠᠩᠬᠠᠷᠴᠤ᠂ ᠪᠥᠬᠦ ᠠᠵᠢᠯᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠎ᠠ᠃ ᠲᠤᠰᠬᠠᠶ ᠠᠵᠢᠯᠯᠠᠭ᠎ᠠ ᠶᠢ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ᠂ ᠰᠣᠯᠪᠢᠴᠠᠨ ᠬᠠᠷᠢᠯᠴᠠᠨ ᠪᠠᠶᠢᠴᠠᠭᠠᠬᠤ ᠵᠢᠴᠢ ᠬᠡᠷ ᠪᠠᠶᠢᠰᠢᠩ ᠬᠤᠲᠠ ᠶᠢᠨ ᠶᠠᠪᠤᠳᠠᠯ ᠤᠨ ᠵᠠᠰᠠᠯᠲᠠ ᠶᠢᠨ ᠠᠵᠢᠯᠯᠠᠭ᠎ᠠ ᠶᠢ ᠪᠠᠬᠢᠵᠢᠭᠦᠯᠦᠨ ᠳᠡᠭᠡᠭᠰᠢᠯᠡᠭᠦᠯᠬᠦ ᠱᠠᠲᠤᠨ ᠤ ᠠᠵᠢᠯ ᠲᠠᠢ ᠵᠣᠯᠭᠠᠭᠤᠯᠤᠨ ᠠᠭᠤᠰᠤᠯᠴᠠᠭᠤᠯᠵᠤ᠂ ︽ᠬᠡᠨ ᠪᠠᠶᠢᠴᠠᠭᠠᠪᠠᠯ ᠬᠡᠨ ᠭᠠᠷ ᠤᠨ ᠥᠰᠥᠭ ᠵᠢᠷᠤᠵᠦ ᠬᠡᠨ ᠬᠠᠷᠢᠭᠤᠴᠠᠬᠤ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠂ ︽     ᠰᠡᠷᠭᠡᠶᠢᠯᠡᠬᠦ︾ ᠠᠵᠢᠯ ᠢ ᠡᠮᠦᠨ᠎ᠡ ᠨᠢ ᠬᠢᠵᠦ᠂ ᠭᠦᠢᠴᠡᠳ ᠬᠢᠵᠦ᠂ ᠠᠮᠤᠷ ᠲᠦᠪᠰᠢᠨ ᠤ ᠪᠣᠭᠤᠮᠲᠠ ᠶᠢ ᠤᠷᠤᠭᠰᠢ ᠰᠢᠯᠵᠢᠭᠦᠯᠬᠦ ᠶᠢ ᠳᠥᠯᠭᠢᠨ ᠠᠬᠢᠭᠤᠯᠵᠤ᠂ ᠬᠡᠮ ᠰᠣᠭᠤᠭ ᠢ ᠠᠳᠡᠯ ᠤᠨ ᠬᠡᠯᠬᠢᠶ᠎ᠡ ᠳᠤ ᠬᠦᠷᠲᠡᠯ᠎ᠡ ᠬᠦᠴᠦᠲᠡᠶ ᠲᠠᠰᠤᠯᠬᠤ ᠬᠡᠷᠡᠭᠲᠡᠶ ᠭᠡᠵᠦ ᠱᠠᠭᠠᠷᠳᠠᠪᠠ᠃  ᠬᠤᠷᠠᠯ ᠠᠴᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯ ᠡᠭᠦᠷᠭᠡᠯᠡᠵᠦ᠂ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ 6 ᠵᠦᠢᠯ ᠤᠨ ᠭᠤᠣᠯᠳᠠᠯᠭ᠎ᠠ ᠲᠠᠢ ᠠᠵᠢᠯ ᠪᠣᠯᠤᠨ ᠰᠠᠯᠠᠭ᠎ᠠ ᠮᠥᠴᠢᠷ ᠤᠨ 7 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠨ᠎ᠠ᠃ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠲᠤᠭ᠎ᠠ ᠪᠠᠷᠢᠮᠲᠠ ᠶᠢᠨ ᠪᠦᠷᠢᠳᠬᠡᠯ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠡᠷᠭᠡ ᠠᠵᠢᠯ ᠢ ᠰᠠᠶᠢᠲᠤᠷ ᠬᠢᠵᠦ᠂ ᠲᠣᠭᠲᠠᠭᠰᠠᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠳᠤᠯᠠᠨ᠎ᠠ ᠭᠡᠵᠦ ᠲᠤᠳᠤᠷᠬᠠᠶᠢᠯᠠᠵᠠᠢ᠃  ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠶᠡᠷᠦᠩᠬᠡᠶ ᠢᠨᠵᠧᠨᠧᠷᠢᠩ ᠯᠢᠦ ᠸᠧᠨ ᠢᠦᠶ᠂ ᠬᠠᠮᠢᠶ᠎ᠠ ᠪᠥᠬᠦᠶ ᠭᠠᠵᠠᠷ ᠬᠡᠷ ᠨᠢᠭᠡᠴᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ ᠣᠷᠣᠯᠴᠠᠵᠤ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠵᠠᠶ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ