ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠭᠤᠷᠪᠠᠳᠤᠭᠠᠷ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2023/5/22
   5 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠭᠤᠷᠪᠠᠳᠤᠭᠠᠷ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠭᠤᠷᠪᠠᠳᠤᠭᠠᠷ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ ᠵᠧᠤ ᠱᠧᠩ ᠶᠠᠷᠢᠯᠴᠠᠬᠤ ᠬᠤᠷᠠᠯ ᠳᠤ ᠣᠷᠣᠯᠴᠠᠪᠠ᠃
1.jpg
  ᠭᠦᠸᠧ ᠢᠦᠶ ᠹᠧᠩ᠂ ᠵᠧᠤ ᠱᠧᠩ ᠨᠡᠷ ᠤᠨ ᠠᠶᠢᠯᠠᠴᠢᠯᠠᠵᠤ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠭᠤᠷᠪᠠᠳᠤᠭᠠᠷ ᠲᠣᠪᠴᠢᠶ᠎ᠠ ᠶᠢᠨ ᠣᠶᠢᠷ᠎ᠠ ᠶᠢᠨ ᠵᠢᠯ ᠤᠨ ᠲᠤᠷᠰᠢ ᠮᠠᠨ ᠤ ᠤᠷᠤᠨ ᠤ ᠪᠠᠷᠢᠯᠭ᠎ᠠ ᠶᠢᠨ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠭᠤᠷᠪᠠᠳᠤᠭᠠᠷ ᠲᠣᠪᠴᠢᠶ᠎ᠠ ᠪᠣᠳᠠᠲᠤ ᠬᠦᠴᠦᠨ ᠢᠶᠠᠷ ᠴᠢᠩᠭ᠎ᠠ᠂ ᠠᠮᠵᠢᠯᠲᠠ ᠪᠦᠲᠦᠮᠵᠢ ᠪᠠᠷ ᠲᠤᠪᠤᠶᠢᠮ᠎ᠠ᠂ ᠬᠥᠭᠵᠢᠯᠲᠡ ᠶᠢᠨ ᠪᠠᠶᠢᠳᠠᠯ ᠰᠠᠶᠢᠨ ᠪᠠᠶᠢᠨ᠎ᠠ᠃ ᠮᠠᠨ ᠤ ᠣᠷᠣᠨ ᠶᠠᠭ ᠪᠠᠷᠢᠯᠭ᠎ᠠ ᠶᠢᠨ ᠦᠢᠯᠡᠰ ᠤᠨ ᠭᠤᠷᠪᠠᠨ ᠵᠢᠯ ᠤᠨ ︽ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾ ᠶᠢ ᠥᠷᠨᠢᠭᠦᠯᠵᠦ ᠪᠠᠶᠢᠨ᠎ᠠ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠭᠤᠷᠪᠠᠳᠤᠭᠠᠷ ᠲᠣᠪᠴᠢᠶ᠎ᠠ ᠬᠥᠲᠥᠴᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠣᠷᠣᠨ ᠳᠤ ᠬᠤᠪᠢᠶᠠᠷᠢ ᠺᠣᠮᠫᠠᠨᠢ ᠪᠠᠶᠢᠭᠤᠯᠬᠤ᠂ ᠬᠤᠯᠢᠮᠠᠭ ᠥᠭᠡᠷᠡᠴᠢᠯᠡᠯᠲᠡ ᠳᠤ ᠣᠷᠣᠯᠴᠠᠬᠤ᠂ ᠲᠣᠰ ᠭᠠᠵᠠᠷ ᠤᠨ ᠠᠵᠤ ᠠᠬᠤᠶᠢᠯᠠᠯ ᠯᠤᠭ᠎ᠠ ᠬᠤᠯᠪᠣᠭᠠᠲᠤ ᠴᠣᠭᠴᠠ ᠲᠠᠢ ᠳᠠᠭᠠᠭᠠᠴᠢᠯᠠᠯᠲᠠ ᠬᠦᠯᠢᠶᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠪᠥᠷ ᠮᠣᠩᠭᠤᠯ ᠤᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠭᠦᠨᠵᠡᠭᠡᠶ ᠠᠭᠤᠰᠤᠯᠴᠠᠵᠤ᠂ ᠣᠷᠣᠨ ᠤ ᠳᠣᠲᠣᠷᠠᠬᠢ ᠠᠵᠤ ᠠᠬᠤᠶᠢᠯᠠᠯ ᠯᠤᠭ᠎ᠠ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ᠂ ᠬᠦᠴᠦᠷᠬᠡᠭ ᠨᠢ ᠲᠤᠰᠬᠠᠶ ᠲᠠᠢ ᠬᠤᠯᠪᠣᠭᠠᠯᠠᠬᠤ᠂ ᠶᠡᠭᠡ ᠪᠠᠭ᠎ᠠ ᠬᠤᠯᠪᠣᠭᠠᠯᠠᠬᠤ ᠶᠢ ᠳᠠᠶᠢᠴᠢᠯᠠᠬᠤ ᠶᠢᠨ ᠬᠠᠮᠲᠤ ᠲᠣᠰ ᠭᠠᠵᠠᠷ ᠣᠷᠣᠨ ᠤ ᠪᠠᠷᠢᠯᠭ᠎ᠠ ᠶᠢᠨ ᠠᠵᠤ ᠠᠬᠤᠶᠢᠯᠠᠯ ᠤᠨ ︽ᠶᠠᠰᠤ ᠰᠢᠷᠪᠤᠰᠤ ᠶᠢ ᠴᠢᠩᠭᠠᠵᠢᠷᠠᠭᠤᠯᠬᠤ︾ ᠶᠢ ᠳᠠᠶᠢᠴᠢᠯᠠᠵᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠦᠨ᠂ ᠮᠠᠨ ᠤ ᠣᠷᠣᠨ ᠤ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ᠃
2.jpg
  ᠵᠧᠤ ᠱᠧᠩ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠣᠷᠳᠣ ᠬᠤᠭᠤᠴᠠᠭᠠᠨ ᠤ ᠲᠤᠷᠰᠢ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠭᠤᠷᠪᠠᠳᠤᠭᠠᠷ ᠲᠣᠪᠴᠢᠶ᠎ᠠ ᠳᠤ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠣᠶᠢᠷ᠎ᠠ ᠶᠢᠨ ᠵᠢᠯ ᠤᠨ ᠲᠤᠷᠰᠢᠬᠢ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠲᠠᠨᠢᠯᠴᠠᠭᠤᠯᠵᠤ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂ ᠲᠥᠪ ᠤᠨ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠤᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠭᠤᠷᠪᠠᠨ ᠵᠢᠯ ᠤᠨ ︽ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾ ᠳᠤ ᠢᠳᠡᠪᠬᠢᠲᠡᠶ ᠣᠷᠣᠯᠴᠠᠵᠤ᠂ ᠬᠠᠮᠲᠤᠷᠠᠯᠴᠠᠭ᠎ᠠ ᠪᠠᠨ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃
3.jpg
  ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠯᠢᠦ ᠵᠢᠶᠠᠨ ᠬᠤᠸᠠ᠂ ᠣᠷᠣᠯᠠᠨ ᠪᠠᠶᠢᠭᠤᠯᠬᠤ ᠲᠥᠪ ᠤᠨ ᠡᠷᠬᠢᠯᠡᠭᠴᠢ ᠸᠠᠩ ᠸᠧᠨ ᡁᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠴᠧᠩ ᠶᠦᠨ ᠵᠢᠴᠢ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠳᠠ ᠶᠢᠨ ᠭᠤᠷᠪᠠᠳᠤᠭᠠᠷ ᠲᠣᠪᠴᠢᠶ᠎ᠠ ᠶᠢᠨ ᠪᠠᠷᠠᠭᠤᠨ ᠬᠤᠶᠢᠲᠤ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠦ ᠬᠤᠸᠠ ᠶᠦᠩ ᠨᠠᠷ ᠶᠠᠷᠢᠯᠴᠠᠬᠤ ᠬᠤᠷᠠᠯ ᠳᠤ ᠣᠷᠣᠯᠴᠠᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠲᠢᠩᠬᠢᠮ