ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠠᠯᠠ ᠮᠥᠩᠭᠦ ᠶᠢᠨ ᠲᠥᠪ ᠠᠴᠠ ᠲᠠᠩᠰᠠ ᠡᠪᠬᠡᠮᠡᠯ ᠤᠨ ᠭᠠᠵᠠᠷ ᠤᠨ ᠲᠤᠰᠬᠠᠶ ᠮᠡᠷᠭᠡᠵᠢᠯᠲᠡᠨ ᠢ ᠤᠷᠢᠵᠤ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠤᠷᠰᠢᠯᠲᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠵᠢᠯᠣᠭᠤᠳᠪᠠ
ᠨᠡᠶᠢᠲᠡᠯᠡᠭᠰᠡᠨ ᠴᠠᠭ᠄
2023/5/22
    ᠤᠯᠤᠰ ᠤᠨ ᠲᠠᠩᠰᠠ ᠡᠪᠬᠡᠮᠡᠯ ᠤᠨ ᠲᠣᠪᠴᠢᠶ᠎ᠠ ᠶᠢᠨ ᠠᠯᠪᠠᠨ ᠬᠡᠷ ᠤᠨ ᠳᠠᠷᠤᠮᠠᠯᠯᠠᠨ ᠲᠠᠷᠬᠠᠭᠠᠭᠰᠠᠨ ︽ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠡᠯᠧᠺᠲᠷᠣᠨ ᠪᠢᠴᠢᠭ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠬᠤ ᠪᠠ ᠬᠠᠮᠢᠶᠠᠷᠬᠤ ᠲᠤᠷᠰᠢᠯᠲᠠ ᠶᠢᠨ ᠴᠡᠭ ᠤᠨ ᠨᠡᠷᠡᠰ︾ ᠲᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠠᠯᠠ ᠮᠥᠩᠭᠦ ᠶᠢᠨ ᠲᠥᠪ ᠤᠨ ︽ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠤᠨ ᠰᠢᠰᠲ᠋ᠧᠮ︾ ᠪᠣᠯ ᠥᠪᠥᠷ ᠮᠣᠩᠭᠤᠯ ᠠᠴᠠ ᠴᠣᠷ ᠤᠨ ᠭᠠᠭᠴᠠ ᠰᠣᠩᠭᠤᠭᠳᠠᠭᠰᠠᠨ ᠲᠤᠷᠰᠢᠯᠲᠠ ᠶᠢᠨ ᠴᠡᠭ ᠪᠣᠯᠤᠨ᠎ᠠ᠃ ᠲᠤᠷᠰᠢᠯᠲᠠ ᠶᠢᠨ ᠴᠡᠭ ᠤᠨ ᠠᠵᠢᠯ ᠢ ᠴᠢᠨᠠᠷ ᠰᠠᠶᠢᠲᠠᠶ ᠠᠬᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠠᠯᠠ ᠮᠥᠩᠭᠦ ᠶᠢᠨ ᠲᠥᠪ ᠠᠴᠠ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠭᠠᠵᠠᠷ ᠤᠨ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠢ ᠤᠷᠢᠵᠤ᠂ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠵᠢᠯᠣᠭᠤᠳᠪᠠ᠃    ᠲᠤᠰᠬᠠᠶ ᠮᠡᠷᠭᠡᠵᠢᠯᠲᠡᠨ ᠤ ᠳᠤᠭᠤᠶᠢᠯᠠᠩ ᠲᠠᠩᠰᠠ ᠡᠪᠬᠡᠮᠡᠯ ᠢ ᠣᠷᠣᠭᠤᠯᠬᠤ᠂ ᠲᠠᠩᠰᠠ ᠡᠪᠬᠡᠮᠡᠯ ᠢ ᠡᠮᠬᠢᠯᠡᠬᠦ ᠵᠡᠷᠭᠡ ᠪᠠᠶᠢᠳᠠᠯ ᠢ ᠲᠤᠬᠠᠶ ᠶᠢᠨ ᠲᠠᠯᠠᠪᠠᠶ ᠲᠤᠨᠢ ᠪᠠᠶᠢᠴᠠᠭᠠᠨ ᠦᠵᠡᠵᠦ᠂ ᠣᠳᠣᠬᠠᠨ ᠤ ᠲᠤᠷᠰᠢᠯᠲᠠ ᠶᠢᠨ ᠴᠡᠭ ᠤᠨ ᠠᠵᠢᠯ ᠤᠨ ᠦᠷ᠎ᠡ ᠪᠦᠲᠦᠭᠡᠯ ᠢ ᠭᠦᠢᠴᠢᠳ ᠨᠤᠲᠠᠯᠠᠵᠤ᠂ ᠰᠢᠯᠢᠳᠡᠭᠵᠢᠭᠦᠯᠬᠦ ᠰᠠᠨᠠᠯ ᠪᠠ ᠰᠠᠨᠠᠭᠤᠯᠭ᠎ᠠ ᠳᠤᠷᠠᠳᠪᠠ᠃ ᠲᠤᠰᠬᠠᠶ ᠮᠡᠷᠭᠡᠵᠢᠯᠲᠡᠨ ᠤ ᠳᠤᠭᠤᠶᠢᠯᠠᠩ ᠠᠴᠠ᠂ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠠᠵᠢᠯ ᠢ ᠦᠷᠭᠦᠯᠵᠢᠯᠡᠨ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠴᠢᠬᠤᠯᠠ ᠵᠠᠩᠭᠢᠯᠠᠭ᠎ᠠ ᠶᠢᠨ ᠴᠡᠭ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠮᠥᠷᠳᠡᠨ ᠲᠤᠬᠢᠷᠠᠭᠤᠯᠤᠨ᠎ᠠ᠃ ᠲᠤᠷᠰᠢᠯᠲᠠ ᠶᠢᠨ ᠴᠡᠭ ᠤᠨ ᠦᠨᠡᠯᠡᠨ ᠵᠢᠱᠢᠬᠦ ᠪᠠᠷᠢᠮᠵᠢᠶ᠎ᠠ ᠶᠢ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠰᠢᠯᠭᠠᠨ ᠠᠪᠬᠤ ᠱᠠᠭᠠᠷᠳᠠᠯᠭ᠎ᠠ ᠶᠢ ᠬᠠᠩᠭᠠᠬᠤ ᠮᠥᠷᠲᠡᠭᠡᠨ ᠪᠠᠰᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠰ ᠲᠤ ᠦᠨᠡᠨ ᠬᠦ ᠦᠢᠯᠡᠴᠢᠯᠡᠵᠦ ᠪᠣᠯᠤᠨ᠎ᠠ᠃ ᠨᠡᠪᠲᠡᠷᠡᠯᠴᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠤᠷᠰᠢᠯᠲᠠ ᠶᠢᠨ ᠴᠡᠭ ᠤᠨ ᠠᠵᠢᠯ ᠤᠨ ᠠᠬᠢᠴᠠ ᠪᠣᠯᠤᠨ ᠲᠤᠯᠭᠠᠷᠠᠭᠰᠠᠨ ᠬᠦᠴᠢᠷᠳᠡᠯ ᠢ ᠴᠠᠭ ᠲᠤᠬᠠᠢ ᠳᠤᠨᠢ ᠮᠡᠳᠡᠭᠦᠯᠦᠨ ᠬᠦᠷᠭᠡᠨ᠎ᠡ᠃ ᠮᠡᠳᠡᠭᠡ ᠵᠠᠩᠭᠢ ᠶᠢᠨ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢᠨ ᠰᠢᠰᠲ᠋ᠧᠮ ᠢ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ ᠡᠷᠬᠡᠪᠰᠢ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ ᠰᠢᠯᠭᠠᠨ ᠦᠨᠡᠯᠡᠬᠦ ᠪᠠᠷ ᠳᠠᠮᠵᠢᠭᠤᠯᠤᠨ ᠪᠠᠳᠤᠯᠠᠨ᠎ᠠ ᠭᠡᠵᠦ ᠵᠢᠭᠠᠨ ᠭᠠᠷᠭᠠᠪᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠠᠯᠠ ᠮᠥᠩᠭᠦ ᠶᠢᠨ ᠲᠥᠪ ᠠᠴᠠ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ ᠲᠣᠰ ᠤᠳᠠᠭᠠᠨ ᠤ ᠲᠤᠷᠰᠢᠯᠲᠠ ᠶᠢᠨ ᠴᠡᠭ ᠤᠨ ᠠᠵᠢᠯ ᠢᠶᠠᠷ ᠠᠵᠠ ᠲᠣᠬᠢᠶᠠᠯ ᠪᠣᠯᠭᠠᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠰᠢᠨ᠎ᠡ ᠰᠡᠳᠬᠢᠴᠡ ᠰᠢᠨ᠎ᠡ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠵᠦ᠂ ᠲᠠᠩᠰᠠ ᠡᠪᠬᠡᠮᠡᠯ ᠤᠨ ᠦᠢᠯᠡᠰ ᠲᠤ ᠨᠠᠩ ᠰᠠᠶᠢᠲᠤᠷ ᠦᠢᠯᠡᠴᠢᠯᠡᠵᠤ᠂ ᠥᠷᠭᠡᠨ ᠣᠯᠠᠨ ᠠᠵᠢᠯᠲᠠᠨ ᠠᠵᠢᠯᠴᠢᠨ ᠳᠤ ᠨᠠᠩ ᠰᠠᠶᠢᠲᠤᠷ ᠦᠢᠯᠡᠴᠢᠯᠡᠬᠦ ᠪᠤᠯᠤᠨ᠎ᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠠᠯᠠ ᠮᠥᠩᠭᠦ ᠶᠢᠨ ᠲᠥᠪ