ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠲᠣᠪᠴᠢᠶ᠎ᠠ | ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠡᠭᠦᠷᠡᠰᠦᠲᠥ᠋ᠷᠥᠭᠴᠢ ᠶᠢ ᠣᠷᠭᠢᠯ ᠳᠤ | ᠬᠦᠷᠭᠡᠬᠦ ᠠᠵᠢᠯ ᠤᠨ ᠡᠭᠦᠷᠭᠡ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠪᠠ᠃ | ᠠᠵᠢᠯ ᠤᠨ ᠭᠢᠯᠠᠰ ᠴᠡᠭ | 01 | ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠪᠠᠷᠢᠯᠭ᠎ᠠ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ᠲᠥᠷᠥᠯ ᠵᠦᠢᠯ ᠤᠨ ᠰᠡᠳᠦᠪ | ᠲᠣᠭᠲᠠᠭᠠᠬᠤ ︵ᠳᠠᠩᠰᠠᠯᠠᠭᠤᠯᠬᠤ︶᠂ ᠲᠥᠯᠥᠪᠵᠢᠭᠦᠯᠭᠡ ᠶᠢᠨ ᠨᠥᠬᠦᠴᠡᠯ᠂ ᠪᠠᠷᠢᠯᠭ᠎ᠠ ᠶᠢᠨ ᠲᠥᠯᠥᠪᠵᠢᠭᠦᠯᠭᠡ ᠶᠢ ᠬᠢᠨᠠᠨ ᠪᠠᠶᠢᠴᠠᠭᠠᠬᠤ ᠵᠡᠷᠭᠡ ᠣᠯᠠᠨ | ᠵᠠᠩᠭᠢᠯᠠᠭ᠎ᠠ ᠠᠴᠠ ᠭᠠᠷᠳᠠᠵᠤ᠂ ᠪᠦᠲᠦᠭᠡᠨ ᠪᠠᠶᠢᠭᠤᠯᠬᠤ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠠᠬᠢᠭᠤᠯᠵᠤ᠂ ᠪᠠᠷᠢᠯᠭ᠎ᠠ ᠪᠠᠷᠢᠬᠤ ᠶᠠᠪᠤᠴᠠ ᠳᠤ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠮᠵᠢᠯ ᠤᠨ ᠪᠠᠷᠢᠮᠵᠢᠶ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠷᠢᠯᠭ᠎ᠠ ᠶᠢᠨ | ᠡᠨᠧᠷᠭᠢ ᠠᠷᠪᠢᠯᠠᠬᠤ᠂ ᠪᠣᠬᠢᠷᠲᠤᠯ ᠦᠭᠡᠶ ᠪᠠᠷᠢᠯᠭ᠎ᠠ ᠶᠢᠨ ᠠᠯᠪᠠᠳᠠᠯᠭ᠎ᠠ ᠶᠢᠨ ᠵᠦᠢᠯ ᠵᠤᠷᠪᠤᠰ ᠪᠣᠯᠤᠨ ᠪᠠᠷᠢᠯᠭ᠎ᠠ ᠶᠢᠨ ᠶᠠᠰᠤ ᠴᠢᠨᠠᠷ ᠤᠨ ᠠᠯᠪᠠᠳᠠᠯᠭ᠎ᠠ ᠶᠢᠨ ᠵᠦᠢᠯ | ᠵᠤᠷᠪᠤᠰ ᠤᠨ ᠨᠠᠶᠢᠳᠠᠪᠤᠷᠢᠵᠢᠭᠤᠯᠤᠯᠲᠠ ᠶᠢ ᠵᠡᠷᠭᠡ ᠳᠤ ᠨᠢ ᠰᠠᠶᠢᠲᠤᠷ ᠠᠳᠬᠤᠪᠠ᠃ ᠢᠳᠡᠪᠬᠢ ᠪᠤᠰᠤ ᠮᠠᠶ᠋ᠢᠭ ᠤᠨ ᠡᠨᠧᠷᠭᠢ ᠶᠢᠨ ᠬᠤᠷᠣᠭᠳᠠᠯ ᠬᠡᠲᠦ ᠪᠠᠭ᠎ᠠ | ᠪᠠᠷᠢᠯᠭ᠎ᠠ ᠶᠢᠨ ᠬᠥᠭᠵᠢᠯᠲᠡ ᠶᠢ ᠬᠥᠲᠥᠯᠦᠨ ᠵᠢᠯᠣᠭᠤᠳᠴᠤ᠂ 500 ᠲᠥᠭᠦᠷᠢᠭ / ᠲᠡᠭᠰᠢ ᠳᠥᠷᠪᠡᠯᠵᠢᠨ ᠮᠧᠲᠷ ᠤᠨ ᠪᠠᠷᠢᠮᠵᠢᠶ᠎ᠠ ᠪᠠᠷ ᠲᠤᠰᠬᠠᠶ ᠵᠦᠢᠯ ᠤᠨ | ᠨᠥᠬᠦᠪᠥᠷᠢ ᠣᠯᠭᠤᠵᠤ᠂ ᠲᠠᠩ ᠭᠠᠭᠴᠠ ᠲᠥᠷᠥᠯ ᠵᠦᠢᠯ ᠤᠨ ᠨᠥᠬᠦᠪᠥᠷᠢ ᠶᠢ ᠬᠠᠮᠤᠭ ᠤᠨ ᠠᠷᠪᠢᠨ ᠳᠠᠭᠠᠨ 100 ᠲᠦᠮᠡᠨ ᠲᠥᠭᠦᠷᠢᠭ ᠨᠥᠬᠦᠪᠥᠷᠢᠯᠡᠨ᠎ᠡ᠃ ᠳᠠᠬᠢᠨ | ᠡᠭᠦᠰᠴᠦ ᠪᠣᠯᠬᠤ ᠡᠨᠧᠷᠭᠢ ᠶᠢᠨ ᠪᠠᠷᠢᠯᠭ᠎ᠠ ᠶᠢᠨ ᠬᠡᠷᠡᠭᠯᠡᠯᠲᠡ ᠶᠢ ᠠᠬᠢᠭᠤᠯᠵᠤ᠂ 2022 ᠣᠨ ᠳᠤ ᠣᠷᠳᠣᠰ ᠬᠤᠲᠠ ᠪᠠᠷᠢᠯᠭ᠎ᠠ ᠶᠢᠨ ᠵᠢᠷᠤᠭ ᠢ ᠬᠢᠨᠠᠨ | ᠪᠠᠶᠢᠴᠠᠭᠠᠬᠤ ᠪᠠᠷ ᠳᠡᠮᠵᠢᠨ ᠳᠠᠬᠢᠨ ᠡᠭᠦᠰᠴᠦ ᠪᠣᠯᠬᠤ ᠡᠨᠧᠷᠭᠢ ᠶᠢᠨ ᠪᠠᠷᠢᠯᠭ᠎ᠠ 41 ᠲᠦᠮᠡᠨ ᠲᠡᠭᠰᠢ ᠳᠥᠷᠪᠡᠯᠵᠢᠨ ᠮᠧᠲᠷ ᠲᠤ ᠬᠥᠷᠪᠡ᠃ | 02 | ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠪᠠ᠃ ᠪᠣᠬᠢᠷᠲᠤᠯ ᠦᠭᠡᠶ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠬᠦ | ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠳ᠋ᠦᠩᠱᠧᠩ ᠲᠣᠭᠤᠷᠢᠭ᠂ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠪᠠᠷᠢᠯᠭ᠎ᠠ ᠶᠢ ᠰᠢᠨ᠎ᠡ ᠪᠠᠷ ᠪᠠᠶᠢᠭᠤᠯᠵᠤ᠂ 2 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠲᠣᠮᠣ ᠬᠡᠯᠪᠡᠷᠢ ᠶᠢᠨ ᠣᠯᠠᠨ | ᠨᠡᠶᠢᠲᠡ ᠶᠢᠨ ᠪᠠᠷᠢᠯᠭ᠎ᠠ ᠳᠤ ᠬᠤᠶᠠᠷ ᠣᠳᠣᠨ ᠳᠡᠰ ᠵᠢᠴᠢ ᠲᠡᠭᠦᠨ ᠠᠴᠠ ᠳᠡᠭᠡᠭᠰᠢᠬᠢ ᠪᠣᠬᠢᠷᠲᠤᠯ ᠦᠭᠡᠶ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠵᠠᠷᠤᠳᠠᠯ ᠵᠡᠷᠭᠡ ᠶᠢ ᠬᠠᠰᠤᠵᠤ ᠬᠡᠯᠲᠦᠷᠢᠭᠦᠯᠬᠦ | ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ 2023 - 2025 ᠣᠨ ᠤ ᠬᠤᠭᠤᠴᠠᠭᠠᠨ ᠳᠤ ᠵᠢᠯ ᠪᠦᠷᠢ 800 ᠲᠦᠮᠡᠨ ᠲᠥᠭᠦᠷᠢᠭ ᠲᠣᠬᠢᠷᠠᠭᠤᠯᠵᠤ᠂ | 2022 ᠣᠨ ᠠᠴᠠ ᠬᠤᠶᠢᠰᠢ ᠪᠣᠬᠢᠷᠲᠤᠯ ᠥᠬᠡᠶ ᠪᠠᠷᠢᠯᠭ᠎ᠠ ᠶᠢᠨ ᠣᠳᠣᠨ ᠲᠠᠰ ᠤᠨ ᠲᠡᠮᠳᠡᠭ ᠣᠯᠤᠭᠰᠠᠨ ᠲᠥᠷᠥᠯ ᠵᠦᠢᠯ ᠢ ᠨᠢᠭᠡ ᠣᠳᠣᠨ ᠲᠠᠰ ᠤᠨ ᠪᠣᠬᠢᠷᠲᠤᠯ | ᠥᠬᠡᠶ ᠪᠠᠷᠢᠯᠭ᠎ᠠ 10 ᠲᠦᠮᠡᠨ ᠲᠥᠭᠦᠷᠢᠭ᠂ ᠬᠤᠶᠠᠷ ᠣᠳᠣᠨ ᠲᠠᠰ ᠤᠨ 20 ᠲᠦᠮᠡᠨ ᠲᠥᠭᠦᠷᠢᠭ᠂ ᠭᠤᠷᠪᠠᠨ ᠣᠳᠣᠨ ᠲᠠᠰ ᠤᠨ 50 ᠲᠦᠮᠡᠨ ᠲᠥᠭᠦᠷᠢᠭ ᠤᠨ | ᠪᠠᠷᠢᠮᠵᠢᠶ᠎ᠠ ᠪᠠᠷ ᠱᠠᠩᠨᠠᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢᠨ ᠵᠢᠭᠡᠯᠡᠯᠭᠡ ᠶᠢ ᠬᠡᠷᠡᠭᠯᠡᠨ ᠪᠣᠬᠢᠷᠲᠤᠯ ᠦᠭᠡᠶ ᠪᠠᠷᠢᠯᠭ᠎ᠠ ᠶᠢᠨ | ᠣᠳᠣᠨ ᠲᠠᠰ ᠤᠨ ᠲᠡᠮᠳᠡᠭ ᠢ ᠣᠯᠤᠭᠰᠠᠨ ᠰᠢᠨ᠎ᠡ ᠪᠠᠷ ᠪᠠᠶᠢᠭᠤᠯᠤᠭᠰᠠᠨ ᠪᠣᠬᠢᠷᠲᠤᠯ ᠦᠭᠡᠶ ᠪᠠᠷᠢᠯᠭ᠎ᠠ ᠶᠢᠨ ᠥᠪᠡᠷ ᠢᠶᠠᠨ ᠰᠠᠭᠤᠬᠤ ᠣᠷᠣᠨ ᠰᠠᠭᠤᠴᠠ ᠶᠢ | ᠬᠤᠳᠠᠯᠳᠤᠨ ᠠᠪᠬᠤ ᠳᠤ᠂ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠬᠠᠮᠤᠭ ᠤᠨ ᠥᠨᠳᠥᠷ ᠲᠡᠭᠡᠨ 10% ᠪᠠᠷ ᠳᠡᠭᠡᠭᠰᠢᠯᠡᠭᠦᠯᠦᠨ᠎ᠡ᠃ ᠣᠳᠣᠬᠠᠨ ᠳᠤ ᠪᠣᠬᠢᠷᠲᠤᠯ | ᠥᠬᠡᠶ ᠪᠠᠷᠢᠯᠭ᠎ᠠ ᠨᠡᠶᠢᠲᠡ 1000 ᠲᠦᠮᠡᠨ ᠲᠡᠭᠰᠢ ᠳᠥᠷᠪᠡᠯᠵᠢᠨ ᠮᠧᠲᠷ ᠢ ᠳᠠᠪᠠᠵᠤ᠂ ᠬᠡᠪᠴᠢᠶᠡᠵᠢᠭᠦᠯᠦᠨ ᠠᠬᠢᠭᠤᠯᠬᠤ ᠬᠠᠷᠠᠯᠲᠠ ᠶᠢ ᠪᠡᠶᠡᠯᠡᠭᠦᠯᠪᠡ᠃ | 03 | ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ ᠬᠡᠷᠡᠭᠯᠡᠬᠦ ᠶᠢ ᠶᠡᠭᠡ ᠪᠠᠷ ᠲᠡᠯᠭᠡᠷᠡᠭᠦᠯᠪᠡ᠃ ᠥᠪᠡᠷᠲᠡᠭᠡᠨ ᠵᠠᠰᠠᠬᠤ ᠣᠷᠣᠨ ᠤ ᠠᠩᠬᠠᠨ ᠤ ᠪᠦᠯᠦᠭ ᠵᠠᠰᠠᠭ ᠤᠨ | ᠣᠷᠳᠣᠨ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠬᠤᠳᠠᠯᠳᠤᠨ ᠠᠪᠴᠤ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠲᠤᠷᠰᠢᠯᠲᠠ ᠶᠢᠨ | ᠭᠠᠵᠠᠷ ᠣᠷᠣᠨ ᠢᠶᠠᠷ ᠠᠵᠠ ᠲᠣᠬᠢᠶᠠᠯ ᠪᠣᠯᠭᠠᠵᠤ᠂ ᠪᠣᠬᠢᠷᠲᠤᠯ ᠥᠬᠡᠶ ᠪᠠᠷᠢᠯᠭ᠎ᠠ ᠪᠠ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠵᠠᠰᠠᠭ ᠤᠨ ᠣᠷᠳᠣᠨ ᠠᠴᠠ | ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠡᠷᠭᠡ ᠵᠠᠰᠠᠭ ᠤᠨ | ᠣᠷᠳᠣᠨ ᠪᠠᠯᠠ ᠣᠷᠣᠭᠤᠯᠤᠭᠰᠠᠨ ᠪᠤᠶᠤ ᠡᠳ᠋ ᠤᠨ ᠵᠠᠰᠠᠭ ᠤᠨ ᠪᠠᠯᠠ ᠮᠥᠩᠭᠦ ᠶᠢ ᠬᠡᠷᠡᠭᠯᠡᠭᠰᠡᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠳᠣᠷᠬᠠᠶᠢᠯᠠᠵᠤ᠂ | ᠭᠡᠷᠡᠴᠢᠯᠡᠯ ᠣᠯᠤᠭᠰᠠᠨ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ᠂ 2 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠣᠯᠠᠨ | ᠨᠡᠶᠢᠲᠡ ᠶᠢᠨ ᠪᠠᠷᠢᠯᠭ᠎ᠠ ᠪᠠ 5 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠣᠷᠣᠨ ᠰᠠᠭᠤᠴᠠ ᠶᠢᠨ ᠪᠠᠷᠢᠯᠭ᠎ᠠ ᠶᠢᠨ ᠲᠥᠷᠥᠯ ᠵᠦᠢᠯ ᠢ ᠬᠡᠷᠡᠭᠯᠡᠵᠦ᠂ | ᠭᠡᠷᠡᠴᠢᠯᠠᠯ ᠣᠯᠤᠭᠰᠠᠨ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠬᠡᠷᠡᠭᠯᠡᠬᠦ ᠶᠢ ᠵᠣᠷᠢᠭᠵᠢᠭᠤᠯᠤᠨ᠎ᠠ᠃ | ᠠᠵᠢᠯ ᠤᠨ ᠬᠠᠷᠠᠯᠲᠠ | ᠲᠠᠷᠠᠭᠠᠴᠢ ᠶᠢᠨ ᠠᠯᠬᠤᠮ ᠳᠤ᠂ ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠣᠬᠢᠷᠲᠤᠯ | ᠥᠬᠡᠶ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ᠂ ᠬᠡᠲᠦ ᠪᠠᠭ᠎ᠠ ᠡᠨᠧᠷᠭᠢ ᠶᠢᠨ ᠬᠤᠷᠣᠭᠳᠠᠯ ᠤᠨ ᠬᠥᠳᠡᠯᠦᠩᠭᠦᠶ ᠪᠠᠷᠢᠯᠭ᠎ᠠ᠂ ᠳᠠᠬᠢᠨ ᠡᠭᠦᠰᠴᠦ ᠪᠣᠯᠬᠤ | ᠡᠨᠧᠷᠭᠢ ᠶᠢᠨ ᠪᠠᠷᠢᠯᠭ᠎ᠠ ᠶᠢᠨ ᠬᠡᠷᠡᠭᠯᠡᠯᠲᠡ ᠪᠠ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠳᠡᠯᠭᠡᠷᠡᠭᠦᠯᠵᠦ᠂ | ᠪᠠᠷᠢᠯᠭ᠎ᠠ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢ ᠴᠢᠩᠭᠠᠳᠬᠠᠨ᠂ ᠪᠣᠬᠢᠷᠲᠤᠯ ᠥᠬᠡᠶ ᠪᠠᠷᠢᠯᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠢᠨ᠎ᠡ | ᠬᠡᠯᠪᠡᠷᠢ ᠶᠢᠨ ᠪᠠᠷᠢᠯᠭ᠎ᠠ ᠶᠢᠨ ᠰᠢᠰᠲ᠋ᠧᠮ ᠢ ᠢᠳᠡᠪᠬᠢᠲᠡᠶ ᠪᠠᠷ ᠪᠠᠶᠢᠭᠤᠯᠵᠤ᠂ ᠪᠠᠷᠢᠯᠭ᠎ᠠ ᠶᠢ ᠪᠣᠬᠢᠷᠲᠤᠯ ᠥᠬᠡᠶ ᠠᠮᠢᠵᠢᠷᠠᠯ ᠤᠨ ᠬᠦᠴᠦᠨ ᠲᠠᠢ ᠪᠣᠯᠭᠠᠨ᠎ᠠ᠃ | |