ᠣᠷᠳᠣᠰ ᠬᠤᠲᠠ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠲᠤᠯᠭᠠᠭᠤᠷᠢᠯᠠᠵᠤ᠂ | ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ︽ᠬᠤᠤᠰ ᠨᠡᠭᠦᠷᠡᠰᠦᠲᠥ᠋ᠷᠥᠭᠴᠢ︾ ᠶᠢᠨ | ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠ ᠡᠨᠧᠷᠭᠢ ᠶᠢᠨ ᠲᠣᠪᠴᠢᠶ᠎ᠠ ᠭᠤᠷᠪᠠᠨ ᠰᠠᠯᠠᠭ᠎ᠠ ᠮᠥᠴᠢᠷ ᠬᠠᠮᠲᠤᠷᠠᠨ | ︽ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ | ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ | ︽ᠮᠡᠳᠡᠭᠳᠡᠯ︾ ᠳᠤ᠂ ᠣᠷᠳᠣᠰ ᠬᠤᠲᠠ ᠶᠢᠨ ᠬᠡᠪᠴᠢᠶᠡᠨ ᠳᠠᠬᠢ ᠰᠢᠨ᠎ᠡ ᠪᠠᠷ ᠪᠠᠶᠢᠭᠤᠯᠬᠤ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠠᠷᠢᠯᠭ᠎ᠠ ᠶᠢᠨ ᠮᠠᠰᠢᠨ | ᠲᠡᠷᠭᠡᠨ ᠵᠣᠭᠰᠣᠭᠠᠯ᠂ ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡᠨ ᠵᠣᠭᠰᠣᠭᠠᠯ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠠᠯᠠᠪᠠᠢ ᠶᠢᠨ ᠮᠠᠰᠢᠨ | ᠲᠡᠷᠭᠡᠨ ᠵᠣᠭᠰᠣᠭᠠᠯ ᠳᠤ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠲᠣᠬᠢᠷᠠᠭᠤᠯᠤᠨ ᠪᠥᠲᠥᠭᠡᠨ ᠪᠠᠶᠢᠭᠤᠯᠬᠤ ᠲᠡᠷᠭᠡᠨ ᠵᠣᠭᠰᠣᠭᠠᠯ ᠨᠢ ᠶᠡᠷᠦᠩᠬᠡᠶ | ᠲᠡᠷᠭᠡᠨ ᠵᠣᠭᠰᠣᠭᠠᠯ ᠤᠨ15% ᠠᠴᠠ ᠳᠡᠭᠡᠭᠰᠢᠬᠢ ᠶᠢ ᠡᠵᠡᠯᠡᠬᠦᠯᠦᠨᠡ᠃ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠠᠷᠠᠳ ᠤᠨ ᠲᠣᠭᠤᠷᠢᠭ ᠤᠨ ᠮᠠᠰᠢᠨ ᠲᠡᠷᠭᠡᠨ ᠤ | ᠵᠣᠭᠰᠣᠭᠠᠯ ᠳᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ 100% ᠪᠠᠷ ᠪᠦᠲᠦᠭᠡᠨ ᠪᠠᠶᠢᠭᠤᠯᠬᠤ ᠪᠤᠶᠤ | ᠤᠭᠰᠠᠷᠠᠬᠤ ᠨᠥᠬᠦᠴᠡᠯ ᠢ ᠤᠷᠢᠳᠴᠢᠯᠠᠨ ᠦᠯᠡᠳᠡᠭᠡᠬᠦ ᠬᠡᠷᠡᠭᠲᠡᠢ᠃ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠳᠤ᠂ ᠨᠥᠬᠦᠴᠡᠯ | ᠪᠦᠷᠢᠯᠳᠦᠭᠦᠯᠦᠭᠰᠡᠨ ᠰᠠᠭᠤᠭᠠᠯᠢ ᠲᠣᠭᠤᠷᠢᠭ ᠲᠤ ᠲᠡᠷᠭᠡᠨ ᠵᠣᠭᠰᠣᠭᠠᠯ ᠨᠡᠮᠡᠵᠦ᠂ ᠴᠠᠬᠢᠯᠭᠠᠨ ᠴᠡᠨᠡᠭᠯᠡᠬᠦ ᠪᠠᠭᠠᠨ᠎ᠠ ᠪᠠᠶᠢᠭᠤᠯᠬᠤ ᠬᠡᠷᠡᠭᠲᠡᠶ ᠭᠡᠵᠦ ᠲᠣᠳᠣᠷᠬᠠᠶ | ᠱᠠᠭᠠᠷᠳᠠᠪᠠ᠃ | ︽ᠮᠡᠳᠡᠭᠳᠡᠯ︾ ᠢ ᠨᠡᠶᠢᠲᠡᠯᠡᠭᠰᠡᠨ ᠨᠢ ᠤᠷᠳᠤᠰ ᠬᠤᠳᠠ ᠶᠢᠨ ᠬᠤᠳᠠ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠰᠠᠭᠤᠭᠠᠯᠢ ᠠᠷᠠᠳ ᠤᠨ | ᠦᠢᠯᠡᠳᠪᠦᠷᠢᠯᠡᠯ ᠠᠮᠢᠳᠤᠷᠠᠯ ᠳᠤ ᠲᠦᠭᠦᠮ ᠦᠵᠡᠭᠦᠯᠬᠦ᠂ ᠬᠤᠳᠠ ᠶᠢᠨ ᠳᠣᠣᠷ᠎ᠠ ᠨᠡᠭᠦᠷᠡᠳᠦᠷᠦᠭᠴᠢᠳᠦ ᠬᠥᠭᠵᠢᠯᠲᠡ ᠶᠢ ᠠᠬᠢᠭᠤᠯᠬᠤ᠂ ᠤᠶᠤᠨᠲᠤ ᠬᠤᠳᠠ ᠶᠢᠨ | ᠪᠦᠳᠦᠭᠡᠨ ᠪᠠᠶᠢᠭᠤᠯᠤᠯᠲᠠ ᠳᠤ ᠦᠢᠯᠡᠴᠢᠯᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠦᠢᠯᠡᠴᠢᠯᠡᠭᠡᠨ ᠤ | ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ︽ᠵᠣᠬᠢᠬᠤ ᠬᠡᠮᠵᠢᠶ᠎ᠡ ᠪᠠᠷ ᠤᠷᠢᠳᠴᠢᠯᠠᠬᠤ᠂ ᠴᠡᠨᠡᠭᠯᠡᠬᠦ ᠪᠠᠭᠠᠨ᠎ᠠ ᠵᠣᠬᠢᠴᠠᠯᠳᠤᠭᠰᠠᠨ᠂ ᠣᠶᠤᠨᠴᠢ ᠥᠨᠳᠥᠷ | ᠪᠦᠲᠦᠮᠵᠢᠲᠡᠢ︾ ᠪᠠᠶᠢᠬᠤ ᠴᠢᠨᠠᠷ ᠰᠠᠶᠢᠲᠠᠢ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠬᠤ ᠳᠤ ᠴᠢᠬᠤᠯᠠ ᠶᠡᠭᠡ ᠠᠴᠢ | ᠬᠤᠯᠪᠣᠭᠳᠠᠯ ᠲᠠᠢ ᠪᠥᠭᠡᠳ ᠪᠠᠰᠠ ᠤᠷᠳᠤᠰ ᠬᠤᠳᠠ ᠶᠢᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠪᠣᠯᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠬᠤᠷᠳᠤᠴᠠ ᠶᠢ | ᠲᠦᠷᠭᠡᠳᠬᠡᠬᠦ ᠪᠣᠯᠤᠨ᠎ᠠ᠃ | | |