5 ᠳ᠋ᠤᠭᠠᠷ ᠰᠠᠷ᠎ᠠ ᠶᠢᠨ 22 ᠤᠨ ᠡᠳᠦᠷ ᠠᠴᠠ 24 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ ᠪᠠᠶᠠᠨᠨᠠᠭᠤᠷ | ᠬᠤᠲᠠ᠂ ᠦᠬᠠᠶ ᠬᠤᠲᠠ ᠳᠤ ᠭᠦᠨᠵᠡᠭᠡᠶᠢᠷᠡᠨ ︽ᠪᠠᠲᠤᠯᠠᠭᠠᠲᠤ ᠲᠤᠰᠢᠶᠠᠬᠤ ᠭᠡᠷ︾᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ᠂ | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ᠂ ᠠᠳᠠᠯ | ᠠᠬᠤᠶ ᠶᠢᠨ ᠬᠠᠮᠢᠶᠠᠷᠤᠯᠲᠠ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃ | ᠭᠦᠸᠧ ᠢᠦᠶ ᠹᠧᠩ ᠤᠷᠢᠳ ᠬᠤᠵᠢᠳ ᠪᠠᠶᠠᠨᠨᠠᠭᠤᠷ ᠬᠤᠲᠠ ᠶᠢᠨ ᠾᠧᠩ ᠳ᠋ᠡ ᠮᠢᠩ ᠳ᠋ᠦ᠋ ᠲᠥᠷᠥᠯ ᠵᠦᠢᠯ᠂ ᠯᠦ ᠸᠠᠩ ᠹᠠᠩ ᠽᠤᠤ ᠳ᠋ᠢ A ᠲᠣᠭᠤᠷᠢᠭ ᠤᠨ | ᠠᠳᠠᠯ ᠠᠬᠤᠶ ᠶᠢᠨ ᠬᠠᠮᠢᠶᠠᠷᠤᠯᠲᠠ ᠶᠢᠨ ᠲᠥᠷᠥᠯ ᠵᠦᠢᠯ᠂ ᠬᠠᠲᠤᠨ ᠭᠤᠤᠯ ᠤᠨ ᠲᠣᠬᠤᠢ ᠶᠢᠨ ᠬᠤᠲᠠ ᠶᠢᠨ ᠵᠡᠭᠡᠯᠢ ᠶᠢᠨ ᠦᠵᠡᠮᠵᠢ ᠶᠢ ᠥᠭᠡᠷᠡᠴᠢᠯᠡᠨ | ᠳᠡᠭᠡᠭᠰᠢᠯᠡᠭᠦᠯᠬᠦ ᠲᠥᠷᠥᠯ ᠵᠦᠢᠯ᠂ 511 ᠳ᠋ᠤᠭᠠᠷ ᠭᠠᠵᠠᠷ ᠰᠢᠨᠵᠢᠯᠡᠭᠡᠨ ᠤ ᠠᠩᠭᠢ ᠶᠢᠨ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ | ᠥᠷᠭᠡᠳᠬᠡᠬᠦ ᠲᠥᠷᠥᠯ ᠵᠦᠢᠯ᠂ ᠤᠶᠤᠨᠲᠤ ᠬᠤᠲᠠ ᠶᠢᠨ ᠬᠠᠮᠢᠶᠠᠷᠤᠯᠲᠠ ᠶᠢᠨ ᠵᠢᠯᠣᠭᠤᠳᠬᠤ ᠲᠥᠪ᠂ ᠱᠢ ᠳ᠋ᠠᠢ ᠵᠢᠶᠠ ᠶᠤᠸᠠᠨ ᠬᠠᠭᠤᠴᠢᠨ ᠰᠠᠭᠤᠭᠠᠯᠢ ᠲᠣᠭᠤᠷᠢᠭ ᠢ | ᠥᠭᠡᠷᠡᠴᠢᠯᠡᠨ ᠰᠢᠨᠡᠳᠬᠡᠬᠦ ᠲᠥᠷᠥᠯ ᠵᠦᠢᠯ᠂ ᠬᠠᠩᠭᠢᠨ ᠬᠤᠶᠢᠲᠤ ᠬᠤᠰᠢᠭᠤᠨ ᠤ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠲᠥᠷᠥᠯ ᠵᠦᠢᠯ᠂ ᠯᠢᠨ | ᠾᠧ ᠶᠢᠨ ᠬᠤᠶᠠᠳᠤᠭᠠᠷ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠹᠧᠩᠵᠸᠤ ᠵᠠᠮ ᠤᠨ ᠰᠠᠭᠠᠳ ᠥᠬᠡᠶ ᠨᠡᠪᠲᠡᠷᠡᠭᠦᠯᠬᠦ ᠢᠨᠵᠧᠨᠧᠷᠢᠩ᠂ ᠬᠤᠶᠢᠲᠤ ᠲᠠᠯ᠎ᠠ ᠶᠢᠨ | ᠰᠤᠪᠠᠭ ᠤᠨ ᠥᠭᠡᠷᠡᠴᠢᠯᠡᠯᠲᠡ ᠵᠢᠴᠢ ᠯᠢᠨ ᠾᠧ ᠶᠢᠨ ᠥᠨᠳᠥᠷ ᠬᠤᠷᠳᠤᠴᠠᠲᠤ ᠲᠡᠮᠦᠷ ᠵᠠᠮ ᠤᠨ ᠥᠷᠲᠡᠭᠡ ᠶᠢᠨ ᠲᠥᠷᠥᠯ ᠵᠦᠢᠯ᠂ ᠦᠬᠠᠶ ᠬᠤᠲᠠ ᠶᠢᠨ ᠮᠧᠩ ᠰᠢ | ᠶᠠᠩ ᠭᠤᠸᠠᠩ ᠯᠢ ᠹᠦ᠋ ᠶᠢᠨ ᠨᠢᠭᠡᠳᠦᠭᠡᠷ ᠳᠠᠭᠠᠭᠠᠴᠢᠯᠠᠯᠲᠠ ᠶᠢᠨ ᠬᠡᠰᠡᠭ ᠤᠨ ᠵᠦᠢᠯᠡᠰ᠂ ᠮᠧᠩ ᠰᠢ ᠶᠠᠩ ᠭᠤᠸᠠᠩ ᠯᠢ ᠱᠧ B ᠲᠣᠭᠤᠷᠢᠭ ᠤᠨ ᠳᠥᠭᠦᠮ | ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠷᠥᠯ ᠵᠦᠢᠯ᠂ ᠪᠢᠨ ᠾᠧ ᠬᠤᠶᠠᠳᠤᠭᠠᠷ ᠬᠤᠭᠤᠴᠠᠭᠠᠨ ᠤ ᠲᠥᠷᠥᠯ ᠵᠦᠢᠯ᠂ | ᠬᠠᠲᠤᠨ ᠭᠤᠤᠯ ᠤᠨ ᠡᠷᠭᠢ ᠳᠠᠭᠠᠤ ᠶᠢᠨ ᠪᠢᠨ ᠾᠧ ᠣᠷᠣᠨ ᠪᠦᠰᠡ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠬᠠᠶᠢᠷᠤᠪ ᠤᠨ | ᠲᠣᠬᠤᠶ ᠲᠣᠭᠤᠷᠢᠭ ᠤᠨ ᠴᠢᠳᠬᠤᠬᠤ ᠦᠢᠯᠡᠳᠪᠦᠷᠢ ᠶᠢᠨ ᠪᠠᠶᠢᠰᠢᠩ ᠬᠡᠷ ᠤᠨ ᠲᠣᠭᠤᠷᠢᠭ᠂ ᠠᠵᠤ ᠦᠢᠯᠡᠳᠪᠦᠷᠢ ᠶᠢᠨ ᠪᠠᠩᠬᠢ ᠶᠢᠨ ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠵᠢᠴᠢ ᠤᠶᠤᠨᠲᠤ ᠬᠤᠲᠠ ᠶᠢᠨ ᠬᠠᠮᠢᠶᠠᠷᠤᠯᠲᠠ ᠶᠢᠨ ᠲᠠᠪᠴᠠᠩ᠂ ᠠᠳᠠᠯ ᠠᠬᠤᠶ ᠶᠢᠨ ᠦᠢᠯᠡᠴᠢᠯᠡᠭᠡᠨ ᠤ | ᠬᠢᠨᠠᠯᠲᠠ ᠬᠠᠮᠢᠶᠠᠷᠤᠯᠲᠠ ᠶᠢᠨ ᠲᠠᠪᠴᠠᠩ᠂ ᠦᠬᠠᠶ ᠶᠢᠨ ᠢᠯᠴᠢ ᠬᠠᠩᠭᠠᠬᠤ ᠶᠢ ᠬᠢᠨᠠᠨ ᠬᠡᠮᠵᠢᠬᠦ ᠲᠠᠪᠴᠠᠩ ᠵᠡᠷᠭᠡ ᠳᠤ ᠭᠦᠨᠵᠡᠭᠡᠶᠢᠷᠡᠨ ᠭᠤᠣᠯᠳᠠᠯᠭ᠎ᠠ ᠲᠠᠢ ᠠᠵᠢᠯ ᠢ | ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠣᠶᠢᠯᠠᠭᠠᠪᠠ᠃ ᠬᠦᠷᠦᠭᠰᠡᠨ ᠭᠠᠵᠠᠷ ᠪᠣᠯᠭᠠᠨ ᠳᠤ᠂ ᠭᠦᠸᠧ ᠢᠦᠢ ᠹᠧᠩ ᠬᠤᠯᠪᠣᠭᠳᠠᠯ ᠪᠦᠬᠦᠢ ᠠᠵᠢᠯ ᠢ | ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠺᠠᠳ᠋ᠷ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠨ᠂ ᠲᠤᠬᠠᠢ ᠶᠢᠨ ᠲᠠᠯᠠᠪᠤᠷ ᠲᠤ ᠠᠯᠪᠠᠯᠠᠵᠤ | ᠢᠯᠡᠷᠡᠭᠦᠯᠦᠭᠰᠡᠨ ᠬᠦᠴᠢᠷᠳᠡᠯ ᠪᠣᠯᠤᠨ ᠠᠰᠠᠭᠤᠳᠠᠯ ᠢ ᠰᠢᠢᠳᠪᠦᠷᠢᠯᠡᠪᠡ᠃ | ᠭᠦᠸᠧ ᠢᠦᠶ ᠹᠧᠩ᠂ ︽ᠪᠠᠲᠤᠯᠠᠭᠠᠲᠤ ᠲᠤᠰᠢᠶᠠᠬᠤ ᠭᠡᠷ ︾ ᠠᠵᠢᠯ ᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠ ᠠᠷᠠᠳ ᠤᠨ ᠠᠮᠢᠳᠤᠷᠠᠯ ᠤᠨ | ᠴᠢᠬᠤᠯᠠ ᠢᠨᠵᠧᠨᠧᠷᠢᠩ ᠪᠣᠯᠭᠠᠨ᠂ ᠳᠣᠪᠤᠶᠢᠮ᠎ᠠ ᠪᠠᠶᠢᠷᠢᠨ ᠳᠤ ᠲᠠᠯᠪᠢᠨ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ᠂ ᠠᠵᠤ ᠠᠬᠤᠶᠢᠯᠠᠯ ᠤᠨ | ᠥᠪᠡᠷ ᠢ ᠪᠠᠨ ᠠᠪᠤᠷᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ | ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠲᠤᠰᠭᠠᠢ ᠵᠦᠢᠯ ᠤᠨ ᠵᠣᠭᠤᠰ ᠰᠢᠯᠵᠢᠭᠦᠯᠦᠨ ᠥᠭᠬᠦ | ᠠᠬᠢᠴᠠ ᠶᠢ ᠲᠦᠷᠭᠡᠳᠬᠡᠨ᠂ ᠪᠠᠩᠬᠢ ᠪᠠ ᠠᠵᠤ ᠠᠬᠤᠶᠢᠯᠠᠯ ᠤᠨ ᠵᠣᠯᠭᠠᠯᠴᠠᠭ᠎ᠠ ᠶᠢ ᠴᠢᠩᠭᠠᠳᠬᠠᠵᠤ᠂ ᠢᠵᠢ ᠪᠦᠷᠢᠳᠦᠭᠦᠯᠦᠨ ᠪᠡᠯᠡ ᠲᠣᠬᠢᠷᠠᠭᠤᠯᠬᠤ ᠳᠡᠮᠵᠢᠯᠭᠡ ᠶᠢ | ᠲᠡᠮᠡᠴᠡᠨ ᠣᠯᠵᠤ᠂ ᠶᠠᠰᠤ ᠴᠢᠨᠠᠷ ᠪᠠ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠬᠥᠮᠦᠨ ᠨᠡᠮᠡᠨ ᠲᠣᠮᠢᠯᠠᠵᠤ᠂ ᠮᠠᠰᠢᠨ ᠲᠣᠬᠢᠷᠠᠭᠤᠯᠵᠤ᠂ | ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠲᠣᠭᠲᠠᠭᠰᠠᠨ ᠴᠠᠭ ᠬᠤᠭᠤᠴᠠᠭ᠎ᠠ ᠶᠣᠰᠣᠭᠠᠷ ︽ | ᠪᠠᠲᠤᠯᠠᠭᠠᠲᠤ ᠲᠤᠰᠢᠶᠠᠬᠤ ᠭᠡᠷ ︾ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠡᠭᠦᠨ ᠢᠶᠠᠷ ᠢᠲᠡᠭᠡᠯ ᠵᠣᠷᠢᠭ ᠢᠶᠠᠨ ᠬᠥᠪᠴᠢᠯᠡᠵᠦ᠂ ᠵᠢᠱᠢᠯᠲᠡ ᠶᠢ | ᠲᠣᠭᠲᠠᠪᠤᠷᠢᠵᠢᠭᠤᠯᠬᠤ ᠬᠡᠷᠡᠭᠲᠡᠢ᠃ ᠭᠡᠷ ᠪᠠᠶᠢᠰᠢᠩ ᠬᠤᠳᠠᠯᠳᠤᠨ ᠠᠪᠤᠭᠰᠠᠨ ᠣᠯᠠᠨ ᠲᠦᠮᠡᠨ ᠳᠤ ᠴᠠᠭ ᠲᠤᠬᠠᠶ ᠳᠤᠨᠢ ᠢᠨᠵᠧᠨᠧᠷᠢᠩ ᠤᠨ ᠠᠬᠢᠴᠠ ᠪᠠᠨ ᠨᠡᠶᠢᠲᠡᠯᠡᠨ᠂ | ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠣᠯᠠᠨ ᠲᠦᠮᠡᠨ ᠤ ᠡᠷᠡᠭᠡᠯᠵᠡᠭᠡ ᠶᠢ ᠠᠷᠢᠯᠭᠠᠵᠤ᠂ ᠣᠯᠠᠨ ᠲᠦᠮᠡᠨ ᠤ | ᠳᠡᠮᠵᠢᠯᠭᠡ ᠶᠢ ᠣᠯᠬᠤ ᠬᠡᠷᠡᠭᠲᠡᠶ ᠭᠡᠵᠦ ᠵᠢᠭᠠᠨ ᠭᠠᠷᠭᠠᠪᠠ᠃ | | | | | | ᠭᠦᠸᠧ ᠢᠦᠢ ᠹᠧᠩ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠠᠭᠪᠤᠷ ᠤᠨ ᠰᠢᠨ᠎ᠡ ᠶᠢ ᠡᠭᠦᠳᠬᠦ ᠶᠢ | ᠢᠳᠡᠪᠬᠢᠲᠡᠢ ᠰᠦᠪᠡᠭᠴᠢᠯᠡᠨ᠂ ᠤᠯᠠᠨ ᠲᠦᠮᠡᠨ ᠤ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠨ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ | ᠥᠭᠡᠷᠡᠴᠢᠯᠡᠨ ᠪᠠᠶᠢᠭᠤᠯᠬᠤ ᠶᠢ ︽ᠶᠡᠭᠡ ᠪᠠᠷ ᠨᠤᠷᠠᠭᠠᠵᠤ ᠶᠡᠬᠡᠪᠡᠷ ᠪᠠᠶᠢᠭᠤᠯᠬᠤ︾ ᠠᠴᠠ ᠠᠯᠬᠤᠮ ᠠᠯᠬᠤᠮ ᠢᠶᠠᠷ ᠬᠤᠳᠠ ᠶᠢᠨ ᠴᠢᠳᠠᠪᠬᠢ ᠶᠢ ᠳᠡᠭᠡᠭᠰᠢᠯᠡᠭᠦᠯᠦᠨ᠂ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠲᠡᠦᠬᠡ ᠰᠣᠶᠣᠯ ᠢ ᠤᠯᠠᠮᠵᠢᠯᠠᠬᠤ ᠪᠠᠷ ᠭᠤᠣᠯ ᠰᠢᠵᠢᠮ ᠪᠣᠯᠭᠠᠬᠤ ᠰᠢᠨ᠎ᠡ ᠱᠠᠳᠤ | ᠦᠶ᠎ᠡ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠴᠢᠳᠠᠮᠵᠢ ᠶᠢᠨ ᠴᠢᠨᠠᠷᠲᠠᠢ ᠪᠠ ᠠᠮᠤᠷ ᠲᠦᠪᠰᠢᠨ ᠴᠢᠨᠠᠷ ᠢ ᠳᠣᠪᠣᠶᠢᠯᠭᠠᠨ᠂ ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠴᠢᠩᠭᠠᠳᠬᠠᠨ᠂ ᠤᠯᠠᠨ ᠲᠦᠮᠡᠨ ᠤ ᠢᠳᠡᠪᠬᠢᠲᠡᠢ ᠣᠷᠣᠯᠴᠠᠬᠤ ᠶᠢ ᠳᠠᠶᠢᠴᠢᠯᠠᠨ᠂ ᠤᠯᠠᠨ ᠡᠰᠢᠲᠦ ᠪᠡᠯᠡ ᠴᠤᠭᠯᠠᠭᠤᠯᠬᠤ | ᠲᠣᠭᠲᠠᠴᠠ ᠶᠢ ᠪᠠᠶᠢᠭᠤᠯᠤᠨ᠂ ᠨᠢᠭᠡ ᠯᠡ ᠤᠳᠠᠭ᠎ᠠ ᠳᠤ ᠶᠡᠷᠦᠩᠬᠡᠶᠢᠯᠡᠨ ᠥᠭᠡᠷᠡᠴᠢᠯᠡᠵᠦ᠂ ᠨᠢᠭᠡ ᠯᠡ ᠤᠳᠠᠭ᠎ᠠ ᠳᠤ ᠪᠣᠳᠠᠲᠠᠶᠢᠵᠢᠭᠤᠯᠬᠤ ᠶᠢ ᠪᠡᠶᠡᠯᠡᠭᠦᠯᠬᠦ ᠬᠡᠷᠡᠭᠲᠡᠢ᠃ | ᠪᠦᠷᠢᠨ ᠪᠦᠲᠦᠨ ᠨᠡᠶᠢᠭᠡᠮ ᠲᠣᠭᠤᠷᠢᠭ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤ᠂ ᠵᠠᠰᠠᠭ ᠤᠨ ᠣᠷᠳᠣᠨ | ᠬᠥᠲᠥᠯᠦᠨ ᠵᠢᠯᠣᠭᠤᠳᠬᠤ ᠪᠠ ᠨᠡᠶᠢᠭᠡᠮ ᠤᠨ ᠣᠷᠣᠯᠴᠠᠬᠤ ᠶᠢ ᠤᠶᠠᠯᠳᠤᠭᠤᠯᠬᠤ ᠶᠢ ᠴᠢᠬᠤᠯᠠᠴᠢᠯᠠᠨ᠂ ᠠᠳᠠᠯ ᠠᠬᠤᠶ ᠶᠢᠨ ᠠᠵᠤ ᠠᠬᠤᠶᠢᠯᠠᠯ ᠤᠨ ᠲᠤᠬᠠᠶᠢᠯᠠᠭᠰᠠᠨ | ᠠᠵᠢᠯ ᠤᠨ ᠬᠦᠷᠢᠶ᠎ᠡ ᠬᠡᠪᠴᠢᠶ᠎ᠡ ᠪᠠᠨ ᠰᠠᠨᠠᠭᠠᠴᠢᠯᠠᠭ᠎ᠠ ᠠᠴᠠ ᠪᠠᠨ ᠥᠷᠭᠡᠳᠬᠡᠬᠦ ᠶᠢ ᠵᠣᠷᠢᠭᠵᠢᠭᠤᠯᠤᠨ ᠬᠥᠲᠥᠯᠦᠨ ᠵᠢᠯᠣᠭᠤᠳᠤᠨ᠂ ᠨᠠᠰᠤᠵᠢᠯ ᠤᠨ ᠠᠰᠠᠷᠠᠮᠵᠢ᠂ | ᠬᠡᠤᠬᠡᠳ ᠰᠠᠭᠠᠲᠠᠭᠤᠯᠬᠤ᠂ ᠬᠡᠷ ᠤᠨ ᠡᠳ᠋ᠯᠡᠯ ᠬᠡᠷᠡᠭᠰᠡᠯ᠂ ᠡᠷᠡᠭᠦᠯᠵᠢᠯ ᠰᠤᠪᠢᠯᠠᠯᠲᠠ ᠵᠡᠷᠭᠡ ᠥᠷᠲᠡᠭ ᠨᠡᠮᠡᠭᠳᠡᠯ ᠤᠨ ᠦᠢᠯᠡᠴᠢᠯᠡᠭᠡ ᠶᠢ ᠥᠷᠨᠢᠭᠦᠯᠦᠨ᠂ ᠵᠠᠬ᠎ᠠ | ᠳᠡᠯᠭᠡᠭᠦᠷᠴᠢᠯᠡᠭᠰᠡᠨ ᠠᠰᠢᠭ ᠣᠯᠵᠠᠪᠤᠷᠢ ᠶᠢᠨ ᠵᠠᠭᠪᠤᠷ ᠢ ᠰᠦᠪᠡᠭᠴᠢᠯᠡᠨ ᠪᠠᠶᠢᠭᠤᠯᠵᠤ᠂ ᠦᠷᠭᠦᠯᠵᠢᠯᠡᠨ ᠡᠵᠡᠩᠨᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ | ᠭᠦᠸᠧ ᠢᠦᠢ ᠹᠧᠩ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ ᠰᠢᠢᠳᠪᠦᠷᠢᠯᠡᠬᠦ ᠪᠠᠷ ᠭᠠᠷᠳᠠᠴᠠ ᠪᠣᠯᠭᠠᠨ᠂ ᠠᠶᠢᠮᠠᠭ ᠬᠤᠳᠠ ᠶᠢᠨ ᠭᠤᠣᠯ | ᠬᠤᠳᠠ ᠶᠢᠨ ᠲᠣᠭᠤᠷᠢᠭ ᠤᠨ ︽ᠠᠳᠠᠯ ᠠᠬᠤᠢ ᠶᠢ ᠪᠦᠬᠦᠨ ᠢ ᠬᠠᠮᠤᠷᠤᠨ ᠦᠢᠯᠡᠴᠢᠯᠡᠭᠡ ᠪᠠᠨ ᠳᠡᠭᠡᠭᠰᠢᠯᠡᠭᠦᠯᠬᠦ︾ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ᠂ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠪᠡᠯᠡ ᠮᠥᠩᠭᠦ ᠶᠢᠨ ᠱᠠᠩᠨᠠᠯ ᠨᠥᠬᠦᠪᠥᠷᠢ ᠪᠠᠷ ᠵᠠᠬ᠎ᠠ ᠳᠡᠯᠭᠡᠭᠦᠷ ᠢᠶᠠᠨ ᠥᠷᠭᠡᠳᠬᠡᠬᠦ ᠪᠠ ᠠᠳᠠᠯ | ᠠᠬᠤᠢ ᠶᠢᠨ ᠠᠵᠤ ᠠᠬᠤᠶᠢᠯᠠᠯ ᠤᠨ ᠲᠤᠰᠬᠠᠢ ᠦᠢᠯᠡᠴᠢᠯᠡᠭᠡ ᠶᠢ ᠭᠦᠨᠵᠡᠭᠡᠢ ᠨᠡᠭᠡᠭᠡᠨ ᠬᠥᠭᠵᠢᠭᠦᠯᠵᠦ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠤᠶᠠᠯᠳᠤᠭᠤᠯᠤᠨ᠂ | ᠲᠤᠰ ᠭᠠᠵᠠᠷ ᠤᠨ ᠴᠢᠨᠠᠷ ᠰᠠᠶᠢᠲᠠᠢ ᠠᠳᠠᠯ ᠠᠬᠤᠢ ᠶᠢᠨ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠭᠠᠳᠠᠷ ᠣᠷᠣᠨ ᠤ ᠴᠢᠨᠠᠷ ᠰᠠᠶᠢᠲᠠᠢ | ᠠᠳᠠᠯ ᠠᠬᠤᠢ ᠶᠢᠨ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠰᠢᠯᠢᠳᠡᠭ ᠰᠠᠶᠢᠨ ᠠᠳᠠᠯ ᠠᠬᠤᠢ ᠶᠢᠨ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠵᠣᠷᠢᠭᠵᠢᠭᠤᠯᠵᠤ ᠪᠠᠶᠢᠭᠠᠳ ᠶᠡᠭᠡ ᠪᠠᠷ ᠪᠠᠭ᠎ᠠ ᠶᠢ ᠳᠠᠶᠢᠴᠢᠯᠠᠬᠤ᠂ ᠬᠦᠴᠦᠷᠬᠡᠭ ᠢᠶᠠᠷ ᠪᠠᠭᠤᠷᠠᠢ ᠶᠢ ᠳᠠᠶᠢᠴᠢᠯᠠᠬᠤ᠂ ᠰᠢᠨ᠎ᠡ ᠪᠠᠷ ᠬᠠᠭᠤᠴᠢᠨ ᠢ | ᠲᠠᠶᠢᠴᠢᠯᠠᠬᠤ᠂ ᠠᠯᠪᠠᠨ ᠠᠴᠠ ᠪᠠᠶᠢᠭᠤᠯᠬᠤ ᠪᠠᠷ ᠠᠷᠠᠳ ᠡᠴᠠᠪᠠᠶᠢᠭᠤᠯᠬᠤ ᠶᠢ ᠳᠠᠶᠢᠴᠢᠯᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ | ᠨᠠᠶᠢᠳᠠᠨ ᠬᠠᠮᠢᠶᠠᠷᠤᠭᠤᠯᠬᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠣᠷᠣᠯᠠᠨ ᠬᠠᠮᠢᠶᠠᠷᠬᠤ᠂ ᠥᠮᠴᠢᠲᠡᠨ ᠤ ᠥᠪᠡᠷᠲᠡᠭᠡᠨ ᠵᠠᠰᠠᠬᠤ ᠵᠡᠷᠭᠡ ᠠᠷᠭ᠎ᠠ | ᠬᠡᠯᠪᠡᠷᠢ ᠪᠠᠷ ᠠᠳᠠᠯ ᠠᠬᠤᠢ ᠶᠢᠨ ᠬᠠᠮᠢᠶᠠᠷᠤᠯᠲᠠ ᠪᠤᠶᠤ ᠠᠳᠠᠯ ᠠᠬᠤᠢ ᠶᠢᠨ ᠬᠠᠮᠢᠶᠠᠷᠤᠯᠲᠠ ᠶᠢ ᠵᠥᠪᠰᠢᠶᠡᠷᠡᠵᠦ᠂ ᠠᠳᠠᠯ ᠠᠬᠤᠢ ᠰᠠᠭᠤᠭᠠᠯᠢ ᠲᠣᠭᠤᠷᠢᠭ ᠢ | ᠬᠠᠮᠢᠶᠠᠷᠬᠤ ᠪᠠᠨ ᠪᠣᠯᠢᠬᠤ ᠪᠣᠯᠣᠨ ᠠᠳᠠᠯ ᠠᠬᠤᠢ ᠦᠭᠡᠢ ᠰᠠᠭᠤᠭᠠᠯᠢ ᠲᠣᠭᠤᠷᠢᠭ ᠢ ᠲᠦᠷᠭᠡᠨ ᠠᠷᠢᠯᠭᠠᠵᠤ᠂ 2025 ᠣᠨ ᠤ ᠵᠢᠯ ᠤᠨ ᠡᠴᠦᠰ ᠠᠴᠠ ᠡᠮᠦᠨ᠎ᠡ᠂ | ᠭᠤᠣᠯ ᠬᠤᠳᠠ ᠲᠣᠭᠤᠷᠢᠭ ᠤᠨ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠪᠦᠬᠦᠨ ᠢ | ᠪᠦᠷᠬᠦᠬᠦᠯᠬᠦ ᠶᠢ ᠪᠡᠶᠡᠯᠡᠭᠦᠯᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠦᠬᠦᠯᠢ ᠴᠣᠭᠴᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠬᠦ | ᠬᠡᠷᠡᠭᠲᠡᠢ ᠭᠡᠵᠦ ᠵᠢᠭᠠᠨ ᠭᠠᠷᠭᠠᠪᠠ᠃ | ᠭᠦᠸᠧ ᠢᠦᠶ ᠹᠧᠩ᠂ ᠬᠤᠲᠠ ᠶᠢᠨ ᠬᠥᠭᠵᠢᠯᠲᠡ ᠨᠢᠭᠡᠨᠲᠡ ᠶᠡᠭᠡ ᠬᠡᠪᠴᠢᠶ᠎ᠡ ᠨᠡᠮᠡᠭᠳᠡᠭᠦᠯᠦᠨ ᠪᠠᠶᠢᠭᠤᠯᠬᠤ ᠠᠴᠠ ᠬᠡᠮᠵᠢᠶ᠎ᠡ ᠲᠠᠢ ᠬᠠᠳᠠᠭᠠᠯᠠᠨ ᠶᠠᠰᠤ ᠴᠢᠨᠠᠷ ᠢ | ᠳᠡᠭᠡᠭᠰᠢᠯᠡᠭᠦᠯᠬᠦ ᠥᠭᠡᠷᠡᠴᠢᠯᠡᠯᠲᠡ ᠪᠠ ᠬᠡᠮᠵᠢᠶ᠎ᠡ ᠨᠡᠮᠡᠭᠳᠡᠭᠦᠯᠦᠨ ᠲᠣᠬᠢᠷᠠᠭᠤᠯᠤᠯᠲᠠ ᠶᠢ ᠵᠡᠷᠭᠡᠪᠡᠷ ᠴᠢᠬᠤᠯᠠᠴᠢᠯᠠᠬᠤ ᠲᠡᠶᠢᠰᠢ ᠬᠤᠪᠢᠷᠠᠵᠤ᠂ ᠠᠷᠠᠳ ᠣᠯᠠᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠶ ᠱᠠᠭᠠᠷᠳᠠᠯᠭ᠎ᠠ ᠨᠢ ᠨᠢᠭᠡᠨᠲᠡ ︽ᠪᠠᠶᠢᠬᠤ ᠡᠰᠡᠬᠦ︾ ᠠᠴᠠ ︽ᠰᠠᠶᠢᠨ ᠡᠰᠡᠬᠦ︾ ᠲᠡᠶᠢᠰᠢ | ᠰᠢᠯᠵᠢᠪᠠ᠂ ᠡᠨᠡ ᠨᠢ ᠮᠠᠨ ᠤ ᠠᠵᠢᠯ ᠳᠤ ᠨᠡᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠡᠷᠬᠡᠪᠰᠢ | ᠠᠷᠠᠳ ᠤᠨ ᠬᠤᠲᠠ ᠶᠢ ᠠᠷᠠᠳ ᠲᠦᠮᠡᠨ ᠪᠠᠶᠢᠭᠤᠯᠬᠤ᠂ ᠠᠷᠠᠳ ᠤᠨ ᠬᠤᠲᠠ ᠠᠷᠠᠳ ᠲᠦᠮᠡᠨ ᠤ ᠲᠥᠯᠥᠭᠡ ᠪᠠᠶᠢᠬᠤ ᠡᠨᠡ ᠬᠦ ᠶᠡᠷᠦᠩᠬᠡᠶ ᠬᠥᠭ ᠠᠶᠠᠰ ᠲᠠᠢ ᠨᠢᠭᠲᠠ | ᠤᠶᠠᠯᠳᠤᠭᠤᠯᠤᠨ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠤᠶᠠᠨ ᠬᠠᠳᠠᠨ ᠴᠢᠨᠠᠷ᠂ ᠣᠶᠤᠨᠴᠢ ᠬᠤᠲᠠ ᠭᠡᠬᠦ ᠡᠨᠡ ᠬᠦ ᠶᠡᠷᠦᠩᠬᠡᠶ ᠬᠠᠷᠠᠯᠲᠠ ᠳᠤ ᠠᠩᠬᠠᠷᠤᠯ ᠢᠶᠠᠨ | ᠲᠥᠪᠯᠡᠷᠡᠭᠦᠯᠦᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠬᠥᠲᠥᠯᠥᠨ ᠵᠢᠯᠣᠭᠤᠳᠤᠨ᠂ ᠬᠤᠲᠠ ᠶᠢᠨ | ᠦᠷᠭᠦᠯᠵᠢᠯᠡᠬᠦ ᠬᠥᠭᠵᠢᠯᠲᠡ ᠶᠢ ᠨᠥᠯᠥᠭᠡᠯᠡᠬᠦ ᠳᠤᠲᠠᠭᠤᠳᠠᠯ ᠪᠠᠭᠤᠷᠠᠶ ᠲᠠᠯ᠎ᠠ ᠶᠢ ᠡᠷᠢᠨ᠂ ᠪᠦᠲᠦᠮᠵᠢᠲᠡᠶ ᠠᠷᠭᠠᠴᠠᠬᠤ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠬᠤ | ᠬᠡᠷᠡᠭᠲᠡᠶ᠃ ᠬᠤᠳᠠ ᠶᠢᠨ ᠰᠢᠨᠡᠴᠢᠯᠡᠯᠲᠡ ᠪᠠᠷ ᠴᠢᠳᠠᠪᠬᠢ ᠶᠢᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠂ ︽ᠬᠤᠳᠠ ᠶᠢᠨ ᠡᠪᠡᠳᠴᠢᠨ︾ ᠤ ᠠᠰᠠᠭᠤᠳᠠᠯ ᠢ | ᠰᠢᠢᠳᠪᠦᠷᠢᠯᠡᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ | ᠰᠢᠢᠳᠪᠦᠷᠢᠯᠡᠨ᠂ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠪᠦᠳᠦᠭᠦᠯᠢᠭ ᠬᠡᠯᠪᠡᠷᠢ ᠶᠢᠨ ᠭᠠᠳᠠᠭᠠᠳᠤ ᠮᠠᠶ᠋ᠢᠭ ᠤᠨ ᠬᠥᠭᠵᠢᠯᠲᠡ ᠠᠴᠠ ᠡᠷᠴᠢᠮᠵᠢᠭᠰᠡᠨ ᠬᠡᠯᠪᠡᠷᠢ ᠶᠢᠨ | ᠠᠭᠤᠯᠤᠭᠳᠠᠬᠤᠨ ᠮᠠᠶ᠋ᠢᠭ ᠤᠨ ᠬᠥᠭᠵᠢᠯᠲᠡ ᠲᠡᠰᠢ ᠬᠤᠪᠢᠷᠠᠬᠤ ᠶᠢ ᠠᠬᠢᠭᠤᠯᠬᠤ ᠬᠡᠷᠡᠭᠲᠡᠢ᠃ ᠬᠤᠸᠠᠷ ᠬᠠᠳᠬᠤᠬᠤ ᠡᠷᠳᠡᠮ ᠢᠶᠠᠷ ᠬᠤᠳᠠ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ | ᠲᠤᠰᠠ ᠶᠢᠨ ᠠᠰᠠᠭᠤᠳᠠᠯ ᠢ ᠠᠳᠬᠤᠨ᠂ ᠠᠷᠠᠳ ᠤᠨ ᠠᠮᠢᠳᠤᠷᠠᠯ ᠤᠨ ᠲᠤᠪᠤᠶᠢᠮ᠎ᠠ ᠬᠦᠴᠢᠷ ᠠᠰᠠᠭᠤᠳᠠᠯ ᠢ ᠠᠳᠬᠤᠨ᠂ ᠤᠯᠠᠨ ᠲᠦᠮᠡᠨ ᠳᠤ ᠨᠡᠩ ᠨᠠᠷᠢᠯᠢᠭ | ᠬᠠᠮᠢᠶᠠᠷᠤᠯᠲᠠ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠬᠠᠩᠭᠠᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠶᠢ ᠪᠠᠷᠢᠮᠲᠠᠯᠠᠨ᠂ | ᠬᠤᠰᠢᠭᠤᠷᠠᠯ ᠮᠡᠷᠭᠡᠵᠢᠯ ᠢ ᠬᠡᠷᠡᠭᠯᠡᠨ ᠬᠤᠳᠠ ᠶᠢᠨ ᠬᠠᠮᠢᠶᠠᠷᠤᠯᠲᠠ ᠶᠢᠨ ᠠᠷᠭ᠎ᠠ ᠪᠠᠷᠢᠯ᠂ ᠬᠠᠮᠢᠶᠠᠷᠤᠯᠲᠠ ᠶᠢᠨ ᠵᠠᠭᠪᠤᠷ᠂ ᠬᠠᠮᠢᠶᠠᠷᠤᠯᠲᠠ ᠶᠢᠨ ᠣᠶᠢᠯᠠᠭᠠᠭᠳᠠᠬᠤᠨ ᠤ | ᠰᠢᠨ᠎ᠡ ᠶᠢ ᠡᠭᠦᠳᠬᠦ ᠶᠢ ᠠᠬᠢᠭᠤᠯᠤᠨ᠂ ᠬᠤᠳᠠ ᠶᠢ ᠨᠡᠩ ᠰᠡᠷᠭᠦᠯᠡᠩ᠂ ᠨᠡᠩ ᠣᠶᠤᠨᠴᠢ ᠪᠣᠯᠭᠠᠵᠤ᠂ ᠠᠷᠠᠳ ᠤᠯᠠᠨ ᠤ ᠠᠮᠢᠳᠤᠷᠠᠯ ᠢ ᠨᠡᠩ ᠳᠥᠭᠦᠮ ᠳᠥᠲᠡ᠂ ᠨᠡᠩ | ᠲᠠᠭᠠᠯᠠᠮᠵᠢᠲᠠᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | | | ᠭᠦᠸᠧ ᠢᠦᠶ ᠹᠧᠩ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠣᠷᠣᠨ | ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠯ᠎ᠡ ᠵᠦᠢᠯ ᠤᠨ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠬᠠᠲᠤᠨ ᠭᠤᠤᠯ ᠳᠠᠭᠠᠤ ᠶᠢᠨ ᠰᠠᠪᠠ | ᠭᠠᠵᠠᠷ ᠤᠨ ᠬᠡᠷᠡᠭᠯᠡᠭᠰᠡᠨ ᠤᠰᠤ ᠶᠢ ᠡᠭᠡᠭᠦᠯᠦᠨ ᠬᠡᠷᠡᠭᠯᠡᠬᠦ᠂ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠶᠢ ᠪᠠᠶᠢᠭᠤᠯᠤᠨ᠂ ᠠᠮᠢᠳᠤᠷᠠᠯ ᠤᠨ ᠬᠤᠭ ᠨᠣᠪᠰᠢ ᠶᠢ | ᠰᠢᠢᠳᠪᠦᠷᠢᠯᠡᠵᠦ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠬᠢᠨᠠᠮᠠᠭᠠᠶ ᠥᠷᠨᠢᠭᠦᠯᠵᠦ᠂ ᠵᠢᠯ ᠬᠤᠪᠢᠶᠠᠨ ᠪᠥᠲᠥᠭᠡᠨ ᠪᠠᠶᠢᠭᠤᠯᠬᠤ ᠲᠥᠯᠥᠪᠯᠡᠭᠡ ᠶᠢ ᠲᠤᠭᠳᠠᠭᠠᠨ᠂ | ᠬᠤᠭᠤᠰᠣᠨ ᠭᠠᠵᠠᠷ ᠣᠷᠣᠨ ᠢ ᠱᠠᠯᠠᠪᠳᠠᠨ ᠪᠠᠶᠢᠷᠢᠰᠢᠭᠤᠯᠵᠤ ᠪᠥᠲᠥᠭᠡᠨ ᠪᠠᠶᠢᠭᠤᠯᠬᠤ ᠶᠢ ᠠᠬᠢᠭᠤᠯᠤᠨ᠂ ᠳᠤᠲᠠᠭᠤᠳᠠᠯ ᠢ ᠠᠯᠢ ᠲᠦᠷᠭᠡᠨ ᠢᠶᠠᠷ ᠨᠥᠬᠦᠪᠥᠷᠢᠯᠡᠵᠦ᠂ | ᠬᠡᠷᠡᠭᠯᠡᠭᠰᠡᠨ ᠤᠰᠤ ᠶᠢ ᠡᠭᠡᠭᠦᠯᠦᠨ ᠬᠡᠷᠡᠭᠯᠡᠬᠦ᠂ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠬᠤᠷᠢᠶᠠᠪᠠᠰᠤ ᠵᠣᠬᠢᠬᠤ ᠶᠢ ᠨᠢ ᠪᠦᠬᠦᠨ ᠢ | ᠬᠤᠷᠢᠶᠠᠵᠤ᠂ ᠬᠡᠷᠡᠭᠯᠡᠵᠦ ᠪᠣᠯᠬᠤ ᠶᠢ ᠨᠢ ᠪᠦᠬᠦᠨ ᠢ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠶ᠃ ᠦᠬᠠᠶ ᠬᠤᠲᠠ ᠶᠢᠨ ᠢᠯᠴᠢ ᠬᠠᠩᠭᠠᠬᠤ ᠬᠡᠮᠵᠢᠯᠲᠡ ᠶᠢᠨ ᠠᠵᠢᠯ ᠤᠨ | ᠲᠤᠷᠰᠢᠯᠭ᠎ᠠ ᠶᠢ ᠭᠦᠨᠵᠡᠭᠡᠶ ᠳ᠋ᠦᠩᠨᠡᠵᠦ᠂ ᠢᠯᠴᠢ ᠬᠠᠩᠭᠠᠬᠤ ᠬᠡᠮᠵᠢᠯᠲᠡ ᠶᠢᠨ ᠪᠠᠷᠢᠮᠵᠢᠶ᠎ᠠ ᠶᠢᠨ ᠰᠢᠰᠲ᠋ᠧᠮ᠂ ᠢᠯᠴᠢ ᠬᠠᠩᠭᠠᠬᠤ ᠦᠨ᠎ᠡ ᠬᠠᠩᠰᠢ ᠶᠢᠨ ᠰᠢᠰᠲ᠋ᠧᠮᠵᠢ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠢᠯᠴᠢ ᠬᠠᠩᠭᠠᠬᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠂ ᠴᠡᠭ ᠢᠶᠠᠷ ᠨᠡᠶᠢᠳᠡᠮ ᠢ ᠳᠠᠶᠢᠴᠢᠯᠠᠨ | ᠂ ᠠᠯᠬᠤᠮ ᠠᠯᠬᠤᠮ ᠢᠶᠠᠷ ᠪᠥᠬᠦ ᠣᠷᠣᠨ ᠳᠤ ᠳᠡᠯᠭᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠭᠦᠸᠧ ᠢᠦᠢ ᠹᠧᠩ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠤᠨ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ | ᠪᠤᠢ ᠪᠣᠯᠭᠠᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢ ᠲᠠᠪᠴᠢᠨ᠂ ᠠᠮᠢ ᠨᠠᠰᠤ ᠶᠢ ᠪᠢᠰᠢᠷᠡᠨ ᠵᠢᠷᠦᠬᠡᠰᠢᠶᠡᠬᠦ ᠰᠡᠳᠬᠢᠯᠭᠡ᠂ | ᠠᠷᠠᠳ ᠲᠦᠮᠡᠨ ᠳᠤ ᠬᠠᠷᠢᠭᠤᠴᠠᠬᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠴᠠᠭ ᠢᠮᠠᠭᠲᠠ ᠰᠡᠳᠬᠢᠯ ᠳᠡᠭᠡᠨ ᠪᠣᠳᠣᠨ᠂ ᠴᠢᠩᠭ᠎ᠠ ᠠᠳᠬᠤᠵᠤ᠂ ᠠᠶᠤᠯᠭᠦᠢ | ᠦᠢᠯᠡᠳᠪᠦᠷᠢᠯᠡᠯ ᠤᠨ ᠬᠤᠷᠢᠭ᠎ᠠ ᠱᠤᠭᠤᠮ ᠪᠣᠯᠤᠨ ᠤᠯᠠᠭᠠᠨ ᠱᠤᠭᠤᠮ ᠢ ᠡᠷᠡᠰ ᠰᠠᠬᠢᠵᠤ᠂ ᠪᠠᠲᠤ ᠰᠠᠬᠢᠬᠤ ᠬᠡᠷᠡᠭᠲᠡᠢ᠃ ᠬᠡᠷ ᠪᠠᠶᠢᠰᠢᠩ ᠬᠤᠲᠠ ᠶᠢᠨ ᠶᠠᠪᠤᠳᠠᠯ ᠤᠨ | ᠢᠨᠵᠧᠨᠧᠷᠢᠩ ᠤᠨ ᠠᠮᠤᠷ ᠲᠦᠪᠰᠢᠨ᠂ ᠬᠤᠲᠠ ᠶᠢᠨ ᠠᠮᠤᠷ ᠲᠦᠪᠰᠢᠨ ᠤ ᠠᠵᠢᠯᠯᠠᠭᠠᠨ ᠤ ᠬᠠᠮᠢᠶᠠᠷᠤᠯᠲᠠ᠂ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ | ᠲᠦᠪᠰᠢᠨ᠂ ᠥᠪᠡᠰᠦᠪᠡᠨ ᠪᠠᠷᠢᠭᠰᠠᠨ ᠬᠡᠷ ᠪᠠᠶᠢᠰᠢᠩ ᠢ ᠲᠤᠰᠬᠠᠶ ᠴᠡᠭᠴᠡᠯᠡᠨ ᠰᠠᠶᠢᠵᠢᠷᠠᠭᠤᠯᠬᠤ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠦᠨ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠶ ᠥᠷᠨᠢᠭᠦᠯᠬᠦ ᠬᠡᠷᠡᠭᠲᠡᠢ᠃ ᠢᠯᠠᠩᠭᠤᠶ᠎ᠠ 5 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠰᠦᠪᠡᠨ ᠪᠠᠷᠢᠭᠰᠠᠨ ᠬᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠠᠵᠢᠯ ᠢ ᠪᠡᠶᠡᠯᠡᠭᠦᠯᠬᠦ ᠶᠢ ᠦᠨᠡᠨ | ᠬᠦ ᠪᠠᠲᠤᠯᠠᠵᠤ᠂ ᠡᠵᠡᠩᠨᠡᠯᠲᠡ ᠶᠢᠨ ᠴᠢᠨᠠᠷᠲᠠᠶ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠢᠨᠵᠧᠨᠧᠷᠢᠩ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ᠂ | ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠦᠭᠰᠢᠭᠦᠷᠢ ᠶᠢ ᠴᠠᠭ ᠲᠤᠬᠠᠶ ᠳᠤᠨᠢ ᠠᠷᠢᠯᠭᠠᠵᠤ᠂ ᠬᠦᠨᠳᠦ ᠶᠡᠭᠡ ᠠᠳᠡᠯ ᠭᠠᠷᠬᠤ ᠶᠢ ᠡᠷᠡᠰ | ᠬᠤᠷᠢᠭᠯᠠᠬᠤ ᠬᠡᠷᠡᠭᠲᠡᠶ ᠭᠡᠵᠦ ᠱᠠᠭᠠᠷᠳᠠᠪᠠ᠃ | | | | | | ᠭᠦᠸᠧ ᠢᠦᠶ ᠹᠧᠩ ᠦᠬᠠᠶ ᠳᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ | ᠬᠦᠷᠢᠶᠡᠨ ᠳᠠᠬᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠠᠵᠤ ᠠᠬᠤᠶᠢᠯᠠᠯ ᠪᠠ ᠣᠯᠠᠨ ᠲᠦᠮᠡᠨ ᠤ ᠰᠠᠨᠠᠯ | ᠰᠠᠨᠠᠭᠤᠯᠭ᠎ᠠ ᠶᠢ ᠰᠣᠨᠣᠰᠪᠠ᠃ ᠭᠦᠸᠧ ᠢᠦᠶ ᠹᠧᠩ᠂ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠯ ᠲᠣᠪᠤᠶᠢᠮ᠎ᠠ ᠪᠠᠶᠢᠭ᠎ᠠ ︽ᠠᠵᠢᠯ ᠶᠠᠪᠤᠳᠠᠯ | ᠰᠢᠢᠳᠪᠦᠷᠢᠯᠡᠬᠦ ᠳᠤ ᠬᠦᠴᠢᠷ︾᠂ ︽ᠠᠵᠢᠯ ᠶᠠᠪᠤᠳᠠᠯ ᠬᠦᠢᠴᠡᠳᠬᠡᠬᠦ ᠳᠤ ᠤᠳᠠᠭᠠᠨ︾᠂ ︽ᠣᠯᠠᠨ ᠲᠠᠯ᠎ᠠ ᠪᠠᠷ ᠭᠦᠶᠦᠬᠦ᠂ ᠳᠠᠬᠢᠨ ᠳᠠᠪᠲᠠᠨ ᠭᠦᠶᠦᠬᠦ︾ ᠵᠡᠷᠭᠡ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠵᠣᠷᠢᠭ ᠰᠢᠭᠤᠳᠤᠨ᠂ ᠬᠦᠴᠦ ᠤᠷᠠᠭᠤᠯᠤᠨ ᠬᠦᠴᠢᠷ ᠠᠰᠠᠭᠤᠳᠠᠯ ᠢ ᠬᠦᠴᠦᠯᠡᠨ ᠠᠷᠢᠯᠭᠠᠵᠤ᠂ ᠲᠥᠪ | ᠭᠤᠤᠯᠴᠢ ᠥᠨᠳᠥᠷ ᠪᠦᠲᠦᠮᠵᠢᠲᠡᠶ ᠠᠵᠢᠯ ᠶᠠᠪᠤᠳᠠᠯ ᠬᠢᠬᠦ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ ᠪᠠᠷᠢᠯᠭ᠎ᠠ ᠶᠢᠨ ᠦᠢᠯᠡᠰ ᠤᠨ ᠳᠠᠬᠢᠨ ᠢᠶᠠᠷ | ᠨᠡᠮᠡᠭᠳᠡᠭᠦᠯᠬᠦ ᠲᠥᠯᠥᠪᠯᠡᠭᠡ ᠶᠢ ᠲᠦᠷᠭᠡᠳᠬᠡᠨ ᠬᠡᠷᠡᠭᠵᠢᠭᠦᠯᠦᠨ᠂ ᠬᠢᠷᠢ ᠬᠡᠮ ᠢ ᠭᠤᠶᠤᠴᠢᠯᠠᠨ ᠮᠡᠳᠡᠭᠦᠯᠬᠦ ᠡᠬᠢᠯᠡᠯᠲᠡ ᠶᠢᠨ ᠲᠠᠰ ᠤᠨ ᠬᠢᠵᠠᠭᠠᠷᠯᠠᠯ ᠢ ᠠᠭᠤᠵᠢᠭᠤ | ᠲᠠᠯᠪᠢᠵᠤ᠂ ᠬᠢᠷᠢ ᠬᠡᠮ ᠢ ᠭᠤᠶᠤᠴᠢᠯᠠᠨ ᠮᠡᠳᠡᠭᠦᠯᠦᠭᠰᠡᠨ ᠠᠮᠵᠢᠯᠲᠠ ᠪᠦᠲᠦᠮᠵᠢ ᠶᠢ ᠮᠠᠭᠠᠳᠯᠠᠨ ᠲᠣᠭᠲᠠᠭᠠᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ᠂ ᠬᠢᠷᠢ ᠬᠡᠮ ᠢ | ᠭᠤᠶᠤᠴᠢᠯᠠᠨ ᠮᠡᠳᠡᠭᠦᠯᠵᠦ ᠭᠦᠢᠴᠡᠳᠭᠡᠬᠦ ᠶᠠᠪᠤᠴᠠ ᠶᠢ ᠳᠥᠭᠦᠮᠴᠢᠯᠡᠬᠦ ᠬᠡᠷᠡᠭᠲᠡᠢ᠃ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠤᠯᠪᠣᠭᠠᠲᠤ ᠴᠣᠭᠴᠠ ᠶᠢᠨ | ᠳᠠᠭᠠᠭᠠᠴᠢᠯᠠᠯᠲᠠ ᠬᠦᠯᠢᠶᠡᠬᠦ ᠶᠢ ᠳᠡᠮᠵᠢᠵᠦ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠬᠢᠭᠡᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠬᠤᠯᠢᠯᠳᠤᠭᠤᠯᠤᠨ ᠥᠭᠡᠷᠡᠴᠢᠯᠡᠬᠦ ᠶᠢ ᠠᠬᠢᠭᠤᠯᠤᠨ᠂ ᠣᠷᠣᠨ ᠤ ᠭᠠᠳᠠᠨᠠᠬᠢ ᠲᠥᠪ ᠤᠨ ᠠᠵᠤ ᠠᠬᠤᠶᠢᠯᠠᠯ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ | ᠥᠪᠥᠷ ᠮᠣᠩᠭᠤᠯ ᠳᠤ ᠬᠤᠪᠢᠶᠠᠷᠢ ᠺᠣᠮᠫᠠᠨᠢ ᠪᠤᠶᠤ ᠬᠤᠪᠢᠶᠠᠨ ᠥᠭᠡᠷᠡᠴᠢᠯᠡᠬᠦ ᠶᠢ ᠵᠣᠷᠢᠭᠵᠢᠭᠤᠯᠵᠤ᠂ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠰ ᠪᠠ ᠠᠵᠤ | ᠦᠢᠯᠡᠰ ᠤᠨ ᠦᠢᠯᠡᠴᠢᠯᠡᠭᠡᠨ ᠤ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠢ ᠪᠠᠶᠢᠭᠤᠯᠤᠨ᠂ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠡᠷᠡᠭᠲᠡᠢ᠃ ᠬᠢᠨᠠᠨ ᠵᠥᠪᠰᠢᠶᠡᠷᠡᠬᠦ ᠵᠦᠢᠯᠡᠰ ᠢ ᠶᠡᠬᠡᠪᠡᠷ ᠴᠣᠮᠬᠠᠳᠬᠠᠨ ᠨᠡᠶᠢᠳᠬᠡᠵᠦ᠂ ᠶᠠᠪᠤᠴᠠ ᠶᠢ ᠲᠠᠬᠢᠨ ᠵᠣᠬᠢᠶᠠᠬᠤ ᠶᠢ ᠥᠷᠨᠢᠭᠦᠯᠦᠨ᠂ ᠬᠠᠮᠲᠤᠷᠠᠨ | ᠨᠠᠷᠢᠨ ᠨᠢᠭᠲᠠ ᠲᠥᠯᠥᠪᠯᠡᠬᠦ᠂ ᠬᠠᠮᠲᠤᠷᠠᠨ ᠬᠢᠨᠠᠨ ᠵᠥᠪᠰᠢᠶᠡᠷᠡᠬᠦ᠂ ᠬᠠᠮᠲᠤᠷᠠᠨ ᠰᠢᠯᠭᠠᠨ ᠠᠪᠬᠤ ᠶᠢ ᠬᠦᠴᠦᠯᠡᠨ ᠠᠬᠢᠭᠤᠯᠵᠤ᠂ ᠢᠨᠵᠧᠨᠧᠷᠢᠩ ᠤᠨ ᠪᠦᠳᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠬᠢᠨᠠᠨ ᠵᠥᠪᠰᠢᠶᠡᠷᠡᠬᠦ ᠭᠤᠭᠴᠤᠭ᠎ᠠ ᠶᠢ ᠤᠯᠠᠮ | ᠨᠢᠭᠡ ᠠᠯᠬᠤᠮ ᠴᠣᠮᠬᠠᠳᠬᠠᠨ᠂ ︽ᠳᠤᠲᠠᠭᠤ ᠶᠢ ᠪᠠᠭᠲᠠᠭᠠᠬᠤ ᠪᠠ ᠭᠥᠯᠢᠶᠡᠨ ᠠᠪᠴᠤ ᠰᠢᠢᠳᠪᠦᠷᠢᠯᠡᠬᠦ ᠠᠮᠠᠯᠠᠯᠲᠠ ᠶᠢᠨ ᠲᠦᠷᠢᠮ︾ ᠢ ᠦᠷᠭᠦᠯᠵᠢᠯᠡᠨ ᠬᠡᠷᠡᠭᠵᠢᠭᠦᠯᠵᠦ | ᠂ ᠠᠵᠢᠯ ᠤᠨ ᠭᠤᠤᠯᠳᠠᠯᠭ᠎ᠠ ᠪᠠᠨ ᠤᠷᠢᠳᠠᠪᠠᠷ ᠬᠢᠨᠠᠨ ᠰᠢᠯᠭᠠᠬᠤ ᠠᠴᠠ ᠬᠡᠷᠡᠭ ᠤᠨ ᠳᠠᠷᠠᠭ᠎ᠠ ᠬᠠᠷᠭᠤᠭᠤᠯᠤᠨ ᠪᠠᠶᠢᠴᠠᠭᠠᠬᠤ ᠲᠡᠶᠢᠰᠢ ᠬᠤᠪᠢᠷᠠᠭᠤᠯᠤᠨ᠂ ᠠᠵᠤ | ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠨᠠᠩ ᠳᠥᠭᠦᠮ ᠳᠥᠲᠡ ᠪᠣᠯᠭᠠᠬᠤ ᠬᠡᠷᠡᠭᠲᠡᠶ᠃ ᠠᠵᠤ ᠠᠬᠤᠶᠢᠯᠠᠯ ᠪᠠ ᠣᠯᠠᠨ ᠲᠦᠮᠡᠨ ᠤ | ᠰᠠᠨᠠᠯ ᠢ ᠬᠢᠨᠠᠮᠠᠭᠠᠶ ᠰᠣᠨᠣᠰᠴᠤ᠂ ᠠᠵᠤ ᠠᠬᠤᠶᠢᠯᠠᠯ ᠪᠠ ᠣᠯᠠᠨ ᠲᠦᠮᠡᠨ ᠢ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠤ ᠠᠵᠢᠯ ᠶᠠᠪᠤᠳᠠᠯ | ᠭᠦᠢᠴᠡᠳᠬᠡᠬᠦ ᠳᠡᠭᠡᠨ ︽ᠦᠵᠡᠮᠡᠭᠴᠡ ᠲᠣᠪ ᠲᠣᠳᠣᠷᠬᠠᠢ︾᠂ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠪᠣᠯᠭᠠᠬᠤ ᠬᠡᠷᠡᠭᠲᠡᠶ᠃ ᠮᠡᠳᠡᠭᠡ ᠵᠠᠩᠭᠢ ᠶᠢ | ᠬᠠᠮᠲᠤ ᠪᠠᠷ ᠡᠳ᠋ᠯᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠨ᠂ ᠬᠢᠨᠠᠨ ᠪᠠᠶᠢᠴᠠᠭᠠᠬᠤ ᠪᠠ ᠬᠢᠨᠠᠨ ᠬᠠᠮᠢᠶᠠᠷᠬᠤ ᠶᠢ ᠵᠣᠯᠭᠠᠭᠤᠯᠬᠤ ᠶᠢ | ᠴᠢᠩᠭᠠᠳᠬᠠᠨ᠂ ᠮᠡᠳᠡᠭᠳᠡᠬᠦ ᠠᠮᠠᠯᠠᠯᠲᠠ ᠶᠢᠨ ᠲᠦᠷᠢᠮ ᠢᠶᠠᠷ ᠳᠠᠮᠵᠢᠭᠤᠯᠤᠨ ᠬᠢᠷᠢ ᠬᠡᠮ ᠣᠯᠤᠭᠰᠠᠨ ᠠᠵᠤ ᠠᠬᠤᠶᠢᠯᠠᠯ ᠢ ᠮᠥᠷᠳᠡᠨ ᠬᠢᠨᠠᠨ ᠪᠠᠶᠢᠴᠠᠭᠠᠵᠤ᠂ ᠬᠢᠨᠠᠨ | ᠵᠥᠪᠰᠢᠶᠡᠷᠡᠬᠦ᠂ ᠬᠢᠨᠠᠨ ᠬᠠᠮᠢᠶᠠᠷᠬᠤ᠂ ᠬᠠᠤᠯᠢ ᠬᠡᠷᠡᠭᠵᠢᠭᠦᠯᠬᠦ ᠨᠢ ᠪᠦᠷᠢᠨ ᠪᠦᠲᠦᠨ ᠪᠢᠲᠡᠭᠦᠦ ᠴᠠᠭᠠᠷᠢᠭ ᠢ ᠪᠠᠶᠢᠭᠤᠯᠬᠤ ᠬᠡᠷᠡᠭᠲᠡᠶ᠃ ᠪᠠᠷᠢᠯᠭ᠎ᠠ ᠶᠢᠨ ᠵᠠᠬ᠎ᠠ ᠳᠡᠯᠭᠡᠭᠦᠷ᠂ | ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠭᠤᠣᠯᠳᠠᠯᠭ᠎ᠠ ᠲᠠᠢ ᠴᠢᠩᠭᠠᠳᠬᠠᠨ᠂ ᠠᠵᠢᠯ | ᠲᠦᠷᠦᠯ ᠤᠨ ᠡᠮᠬᠢ ᠵᠠᠮᠪᠠᠷᠠᠭ᠎ᠠ ᠦᠭᠡᠢ ᠪᠠᠶᠢᠳᠠᠯ ᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠢ᠃ ᠦᠢᠯᠡᠴᠢᠯᠡᠭᠡᠨ ᠤ ᠣᠶᠢᠯᠠᠭᠠᠭᠳᠠᠬᠤᠨ ᠢ ᠬᠡᠷᠡᠭ ᠶᠠᠪᠤᠳᠠᠯ ᠤᠨ | ᠡᠮᠦᠨ᠎ᠡ ᠬᠤᠶᠢᠨ᠎ᠠ ᠪᠠ ᠶᠠᠪᠤᠴᠠ ᠳᠤᠮᠳᠠ ᠳᠤ ᠰᠢᠩᠭᠡᠭᠡᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠬᠢ ᠣᠯᠭᠤᠬᠤ ᠶᠢ ᠴᠢᠩᠭᠠᠳᠬᠠᠨ᠂ ᠮᠡᠳᠡᠭᠡ ᠵᠠᠩᠭᠢ ᠶᠢᠨ | ᠪᠠᠬᠢᠯᠡᠯᠲᠡ ᠶᠢ ᠤᠯᠠᠮ ᠨᠢᠭᠡ ᠠᠯᠬᠤᠮ ᠨᠡᠪᠲᠡᠷᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠠᠩᠬᠠᠷᠴᠤ ᠪᠠᠶᠢᠭ᠎ᠠ ᠥᠨᠳᠥᠷ ᠳᠠᠪᠲᠠᠮᠵᠢᠲᠤ ᠦᠢᠯᠡᠴᠢᠯᠡᠭᠡᠨ ᠤ | ᠵᠦᠢᠯᠡᠰ ᠤᠨ ᠲᠣᠭᠤᠷᠢᠨ ᠳᠤ ᠨᠠᠩ ᠣᠯᠠᠨ ᠵᠦᠢᠯᠡᠰ ᠢ ︽ᠰᠦᠯᠵᠢᠶᠡᠨ ᠳᠡᠭᠡᠷ᠎ᠡ ᠭᠦᠢᠴᠡᠳᠬᠡᠬᠦ︾᠂ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠶᠢ ᠪᠡᠶᠡᠯᠡᠭᠦᠯᠬᠦ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | |