ᠪᠥᠬᠦ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠬᠥᠬᠡᠬᠤᠲᠠ ᠳᠤ ᠡᠷᠭᠢᠯᠡᠪᠡ
ᠨᠡᠶᠢᠲᠡᠯᠡᠭᠰᠡᠨ ᠴᠠᠭ᠄
2023/5/26
    ︽ᠪᠠᠷᠢᠯᠭ᠎ᠠ ᠶᠢᠨ ᠭᠠᠯ ᠰᠡᠷᠭᠡᠶᠢᠯᠡᠬᠦ ᠨᠡᠶᠢᠳᠡᠮ ᠬᠡᠷᠡᠭᠯᠡᠬᠦ ᠪᠠᠷᠢᠮᠵᠢᠶ᠎ᠠ ︵GB55037-2022 ︶︾ ᠪᠠ ︽ᠭᠠᠯ ᠰᠡᠷᠭᠡᠶᠢᠯᠡᠨ ᠤᠨᠲᠠᠷᠠᠭᠠᠬᠤ ᠪᠡᠯᠡᠳᠬᠡᠮᠵᠢ ᠶᠢᠨ ᠨᠡᠶᠢᠳᠡᠮ ᠬᠡᠷᠡᠭᠯᠡᠬᠦ ᠪᠠᠷᠢᠮᠵᠢᠶ᠎ᠠ ︵GB55036-2022 ︶︾ ᠵᠡᠷᠭᠡ ᠪᠥᠬᠦ ᠠᠭᠤᠯᠭ᠎ᠠ ᠶᠢᠨ ᠠᠯᠪᠠᠳᠠᠯᠭ᠎ᠠ ᠪᠠᠷ ᠵᠢᠷᠤᠮᠵᠢᠭᠤᠯᠬᠤ ᠤᠬᠠᠭᠤᠯᠤᠨ ᠲᠤᠭᠤᠰᠢᠯᠠᠭᠤᠯᠬᠤ ᠠᠵᠢᠯ ᠢ ᠰᠠᠶᠢᠲᠤᠷ ᠬᠢᠵᠦ᠂ ᠡᠯ᠎ᠡ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ 5 ᠳ᠋ᠤᠭᠠᠷ ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠪᠥᠬᠦ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠰᠡᠷᠭᠡᠶᠢᠯᠡᠨ‌ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ᠃
1.jpg
    ᠲᠣᠰ ᠤᠳᠠᠭᠠᠨ ᠤ ᠪᠣᠯᠪᠠᠰᠤᠷᠠᠯ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠰᠡᠷᠭᠡᠶᠢᠯᠡᠨ‌ᠤᠨᠲᠠᠷᠠᠭᠠᠬᠤ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠺᠣᠮᠢᠰ᠂ ᠳᠤᠮᠳᠠᠳᠤ ᠤᠯᠤᠰ ᠤᠨ ᠪᠠᠷᠢᠯᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠪᠠᠷᠢᠯᠭ᠎ᠠ ᠶᠢᠨ ᠭᠠᠯ ᠰᠡᠷᠭᠡᠶᠢᠯᠡᠬᠦ ᠰᠤᠳᠤᠯᠭᠠᠨ ᠤ ᠭᠠᠵᠠᠷ ᠵᠡᠷᠭᠡ ᠨᠢᠭᠡᠴᠢ ᠶᠢᠨ ᠲᠤᠰᠬᠠᠶ ᠮᠡᠷᠭᠡᠵᠢᠯᠲᠡᠨ ᠢ ᠤᠷᠢᠵᠤ᠂ ᠭᠠᠯ    ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠰᠡᠨ ᠮᠥᠷᠲᠡᠭᠡᠨ ᠪᠠᠰᠠ ᠪᠠᠷᠢᠮᠵᠢᠶ᠎ᠠ ᠵᠢᠷᠤᠮᠵᠢᠯ ᠤᠨ ᠲᠠᠶᠢᠯᠤᠮᠵᠢ ᠬᠢᠵᠦ᠂ ᠠᠭᠤᠯᠭ᠎ᠠ ᠨᠢ ᠪᠠᠶᠠᠯᠢᠭ᠂ ᠬᠡᠯᠪᠡᠷᠢ ᠨᠢ ᠰᠢᠨ᠎ᠡ ᠰᠣᠷᠭᠤᠭ᠂ ᠲᠣᠬᠢᠷᠠᠭᠤᠯᠤᠯᠲᠠ ᠨᠢ ᠠᠪᠰᠠᠷᠬᠠᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠳᠤ ᠮᠠᠰᠢ ᠴᠢᠩᠭ᠎ᠠ ᠵᠢᠯᠣᠭᠤᠳᠬᠤ ᠴᠢᠨᠠᠷ ᠲᠠᠢ ᠶᠤᠮ᠃    ᠪᠣᠯᠪᠠᠰᠤᠷᠠᠯ ᠢᠶᠠᠷ ᠳᠠᠮᠵᠢᠭᠤᠯᠤᠨ᠂ ᠰᠤᠷᠤᠭᠴᠢᠳ ᠤᠨ ᠭᠠᠯ ᠰᠡᠷᠭᠡᠶᠢᠯᠡᠨ ᠤᠨᠲᠠᠷᠠᠭᠠᠬᠤ ᠬᠢᠨᠠᠨ ᠰᠢᠯᠭᠠᠬᠤ ᠲᠥᠷᠥ ᠶᠢᠨ ᠪᠣᠳᠣᠯᠭ᠎ᠠ ᠶᠢᠨ ᠣᠶᠢᠯᠠᠭᠠᠬᠤ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠬᠥᠮᠦᠵᠢᠭᠦᠯᠬᠦ᠂ ᠥᠨᠳᠥᠷ ᠬᠡᠪ ᠪᠣᠯᠪᠠᠰᠤᠷᠠᠯ ᠲᠠᠢ ᠭᠠᠯ ᠰᠡᠷᠭᠡᠶᠢᠯᠡᠨ‌ᠤᠨᠲᠠᠷᠠᠭᠠᠬᠤ ᠬᠢᠨᠠᠨ ᠰᠢᠯᠭᠠᠬᠤ ᠡᠩᠨᠡᠭᠡ ᠶᠢ ᠪᠠᠶᠢᠭᠤᠯᠬᠤ ᠬᠠᠷᠠᠯᠲᠠ ᠶᠢ ᠪᠡᠶᠡᠯᠡᠭᠦᠯᠦᠨ ᠂ ᠮᠠᠨ ᠤ ᠤᠷᠤᠨ‌‍ᠤ ᠭᠠᠯ ᠰᠡᠷᠭᠡᠶᠢᠯᠡᠨ ᠤᠨᠲᠠᠷᠠᠭᠠᠬᠤ ᠬᠢᠨᠠᠨ ᠰᠢᠯᠭᠠᠬᠤ ᠠᠵᠢᠯ ᠤᠨ ᠨᠠᠩ ᠰᠠᠶᠢᠨ ᠨᠠᠩ ᠲᠦᠷᠭᠡᠨ ᠬᠥᠭᠵᠢᠯᠲᠡ ᠶᠢ ᠪᠡᠶᠡᠯᠡᠭᠦᠯᠬᠦ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ     ᠰᠡᠷᠭᠡᠶᠢᠯᠡᠨ ᠤᠨᠲᠠᠷᠠᠭᠠᠬᠤ ᠬᠠᠮᠢᠶᠠᠷᠤᠯᠲᠠ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯᠲᠠᠳ ᠪᠣᠯᠪᠠᠰᠤᠷᠠᠯ ᠳᠤ ᠣᠷᠣᠯᠴᠠᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ