ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠭᠤᠤᠯᠳᠠᠯᠭ᠎ᠠ ᠲᠠᠢ ᠠᠰᠠᠭᠤᠳᠠᠯ ᠢ ᠰᠤᠳᠤᠯᠬᠤ ᠪᠠ ᠨᠠᠶᠢᠳᠠᠪᠤᠷᠢᠵᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/6
  5 ᠳ᠋ᠤᠭᠠᠷ ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠭᠤᠤᠯᠳᠠᠯᠭ᠎ᠠ ᠲᠠᠢ ᠠᠰᠠᠭᠤᠳᠠᠯ ᠢ ᠰᠤᠳᠤᠯᠬᠤ ᠪᠠ ᠨᠠᠶᠢᠳᠠᠪᠤᠷᠢᠵᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠢᠦᠶ ᠰᠢᠨ ᠹᠠᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃  ᠬᠤᠷᠠᠯ ᠠᠴᠠ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠠᠲᠤᠨ ᠭᠤᠤᠯ ᠤᠨ ᠰᠠᠪᠠ ᠭᠠᠵᠠᠷ ᠤᠨ ᠬᠤᠲᠠ ᠪᠠᠯᠭᠠᠰᠤᠨ ᠤ ᠪᠠᠶᠢᠭᠤᠯᠤᠭᠰᠠᠨ ᠲᠣᠭᠤᠷᠢᠭ ᠤᠨ ᠳᠠᠬᠢᠯᠲᠠ ᠤᠰᠤ ᠶᠢ ᠠᠰᠢᠭᠯᠠᠬᠤ ᠪᠠ ᠬᠤᠭᠤᠯᠠᠶ ᠲᠣᠤᠷ ᠤᠨ ᠪᠥᠲᠥᠭᠡᠨ ᠪᠠᠶᠢᠭᠤᠯᠤᠯᠲᠠ ᠶᠢ ᠨᠠᠷᠢᠨ ᠬᠢᠨᠠᠮᠠᠭᠠᠶ ᠥᠷᠨᠢᠭᠦᠯᠵᠦ᠂ ᠨᠣᠭᠤᠭᠠᠷᠠᠭᠤᠯᠬᠤ ᠳᠤ ᠳᠠᠬᠢᠯᠲᠠ ᠤᠰᠤ ᠶᠢ ᠬᠡᠷᠡᠭᠯᠡᠬᠦ᠂ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠳᠦᠷᠢᠮ ᠢ ᠪᠠᠶᠢᠭᠤᠯᠵᠤ᠂ ᠬᠤᠲᠠ ᠪᠠᠯᠭᠠᠰᠤ ᠪᠠ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠪᠥᠬᠦ ᠲᠠᠯ᠎ᠠ ᠪᠠᠷ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ ᠠᠵᠢᠯ ᠢ ᠶᠡᠭᠡ ᠪᠠᠷ ᠠᠬᠢᠭᠤᠯᠵᠤ᠂ ᠡᠯ᠎ᠡ ᠭᠠᠵᠠᠷ ᠤᠨ ᠬᠢᠨ ᠢ ᠰᠢᠮᠳᠠᠭᠤᠯᠵᠤ ᠪᠠᠶᠢᠭᠠᠳ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠳᠤᠲᠠᠭᠤᠳᠠᠯ ᠢᠶᠠᠨ ᠠᠯᠢ ᠲᠦᠷᠭᠡᠨ ᠢᠶᠠᠷ ᠨᠥᠬᠦᠪᠥᠷᠢᠯᠡᠬᠦ ᠬᠡᠷᠡᠭᠲᠡᠶ ᠭᠡᠵᠦ ᠱᠠᠭᠠᠷᠳᠠᠵᠠᠢ᠃  ᠬᠤᠷᠠᠯ ᠠᠴᠠ᠂ ᠭᠤᠣᠯᠳᠠᠯᠭ᠎ᠠ ᠲᠠᠢ ᠠᠰᠠᠭᠤᠳᠠᠯ ᠢ ᠨᠢᠭᠡᠳ ᠨᠢᠭᠡ ᠪᠠᠷ ᠰᠤᠳᠤᠯᠤᠨ ᠵᠠᠳᠠᠯᠵᠤ᠂ ᠠᠰᠠᠭᠤᠳᠠᠯ ᠤᠨ ᠨᠠᠷᠢᠨ ᠳᠠᠩᠰᠠ ᠶᠢ ᠲᠣᠭᠲᠠᠭᠠᠵᠤ᠂ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠴᠤ᠂ ᠲᠤᠰᠬᠠᠢ ᠬᠥᠮᠦᠨ ᠢᠶᠠᠷ ᠱᠠᠯᠠᠪᠳᠠᠭᠤᠯᠤᠨ ᠰᠢᠢᠳᠪᠦᠷᠢᠯᠡᠭᠦᠯᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠠᠭᠤᠷᠢ ᠲᠤᠭ᠎ᠠ ᠲᠣᠳᠣᠷᠬᠠᠢ᠂ ᠠᠰᠠᠭᠤᠳᠠᠯ ᠲᠣᠳᠣᠷᠬᠠᠢ᠂ ᠠᠷᠭ᠎ᠠ ᠬᠡᠮᠵᠢᠶ᠎ᠡ ᠪᠣᠳᠠᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ︽ᠭᠤᠷᠪᠠᠨ ᠠᠵᠢᠯᠲᠠᠨ︾ ᠤ ᠰᠡᠳᠬᠢᠬᠦᠢ ᠪᠠᠷ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠵᠠᠳᠠᠯᠵᠤ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠬᠤᠯᠪᠣᠭᠳᠠᠭᠰᠠᠨ ᠭᠤᠣᠯᠳᠠᠯᠭ᠎ᠠ ᠲᠠᠢ ᠠᠰᠠᠭᠤᠳᠠᠯ ᠪᠦᠬᠦᠨ ᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠴᠥᠮ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃  ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠲᠥᠯᠥᠪᠯᠡᠭᠡᠲᠦ ᠡᠳ᠋ ᠤᠨ ᠶᠠᠪᠤᠳᠠᠯ ᠤᠨ ᠭᠠᠵᠠᠷ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ᠂ ᠬᠤᠲᠠ ᠶᠢᠨ ᠬᠠᠮᠢᠶᠠᠷᠤᠯᠲᠠ ᠶᠢᠨ ᠭᠠᠵᠠᠷ᠂ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ