︽ᠨᠢᠭᠡ ᠴᠤᠩᠬᠤᠪᠴᠢ ᠪᠠᠷ ᠲᠦᠪᠯᠡᠷᠡᠭᠦᠯᠦᠨ ᠭᠦᠢᠴᠡᠳᠭᠡᠵᠦ᠂ ᠠᠷᠠᠳ ᠤᠨ ᠲᠥᠯᠥᠭᠡ ᠦᠢᠡᠯᠴᠢᠯᠡᠶ᠎ᠡ︾ — ᠤᠯᠠᠭᠠᠨᠴᠠᠪ ᠬᠤᠲᠠ ᠥᠯᠥ ᠬᠥᠳᠡᠯᠬᠦ ᠬᠥᠷᠥᠩᠭᠡ ᠶᠢ ᠰᠢᠯᠵᠢᠭᠦᠯᠬᠦ ᠳᠡᠩᠰᠡᠯᠡᠯᠲᠡ + ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠬᠤᠯᠪᠣᠯᠳᠤᠨ ᠬᠥᠳᠡᠯᠬᠦ ᠰᠦᠯᠵᠢᠶᠡᠨ ᠳᠡᠭᠡᠷ᠎ᠡ ᠡᠷᠦᠬᠡ ᠰᠣᠯᠢᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/5/8
  ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠦᠢᠯᠡᠴᠢᠯᠡᠭᠡᠨ ᠤ ᠠᠷᠭ᠎ᠠ ᠮᠠᠶ᠋ᠢᠭ ᠤᠨ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠦᠢᠯᠡᠳᠦᠯ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠯᠠᠨ ᠲᠦᠮᠡᠨ ᠳᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠣᠶᠢᠷ᠎ᠠ ᠳᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠣᠯᠣᠨ ᠬᠠᠮᠢᠶ᠎ᠠ ᠪᠥᠬᠦᠶ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠠᠵᠤ ᠠᠬᠤᠶᠢᠯᠠᠯ ᠬᠠᠮᠲᠤᠷᠠᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠣᠯᠠᠨ ᠲᠦᠮᠡᠨ ᠢ ᠨᠢᠭᠡ ᠯᠡ ᠤᠳᠠᠭ᠎ᠠ ᠳᠤ ︽ᠥᠯᠥ ᠬᠥᠳᠡᠯᠬᠦ ᠬᠥᠷᠥᠩᠭᠡ + ᠤᠰᠤ ᠴᠠᠬᠢᠯᠭᠠᠨ ᠬᠡᠢ ᠳᠤᠯᠠᠭᠠᠯᠠᠭ᠎ᠠ︾ ᠶᠢ ᠵᠡᠷᠭᠡ ᠪᠠᠷ ᠡᠷᠦᠬᠡ ᠰᠢᠯᠵᠢᠭᠦᠯᠬᠦ ᠶᠢ ᠪᠡᠶᠡᠯᠡᠭᠦᠯᠵᠠᠢ᠃  ︽ᠥᠩᠭᠡᠷᠡᠭᠰᠡᠨ ᠳᠤ ︿ᠰᠠᠯᠭᠠᠨ ᠭᠦᠢᠴᠡᠳᠭᠡᠬᠦ﹀᠂ ᠨᠢᠭᠡ ᠨᠢᠭᠡ ᠶᠠᠪᠤᠳᠠᠯ  ᠢᠶᠠᠷ ᠰᠠᠯᠭᠠᠨ ᠭᠦᠢᠴᠡᠳᠭᠡᠬᠦ᠂ ᠳᠠᠬᠢᠨ ᠳᠠᠪᠲᠠᠨ ᠣᠯᠠᠨ ᠤᠳᠠᠭ᠎ᠠ ᠶᠠᠪᠤᠵᠦ᠂ ᠴᠠᠭ ᠵᠠᠷᠤᠴᠠᠭᠤᠯᠬᠤ ᠮᠥᠷᠲᠡᠭᠡᠨ ᠪᠠᠰᠠ ᠰᠡᠳᠬᠢᠯ ᠰᠠᠮᠠᠭᠤᠷᠠᠵᠤ᠂ ᠣᠲᠣ ︿ᠨᠢᠭᠡ ᠯᠡ ᠤᠳᠠᠭ᠎ᠠ ᠳᠤ ᠭᠦᠢᠴᠡᠳᠬᠡᠵᠦ﹀᠂ ᠣᠯᠠᠨ ᠤᠳᠠᠭ᠎ᠠ ᠶᠠᠪᠤᠬᠤ ᠴᠢᠬᠤᠯᠠ ᠦᠭᠡᠢ ᠪᠣᠯᠵᠤ ᠴᠠᠭ ᠠᠷᠪᠢᠯᠠᠬᠤ ᠮᠥᠷᠲᠡᠭᠡᠨ ᠪᠠᠰᠠ ᠰᠡᠳᠬᠢᠯ ᠠᠮᠤᠷ ᠪᠣᠯᠣᠭᠰᠠᠨ ᠪᠠᠶᠢᠨ᠎ᠠ᠃ ᠤᠯᠠᠭᠠᠨᠴᠠᠪ ᠬᠤᠲᠠ ᠶᠢᠨ ᠬᠤᠲᠠ ᠶᠢᠨ ᠠᠷᠠᠳ ᠬᠤᠸᠠᠩ ᠠᠪᠤᠭᠠᠢ ᠪᠣᠯᠤᠨ ᠯᠢ ᠠᠪᠠᠭ᠋ᠠᠶ ᠮᠥᠩᠬᠡ ᠰᠤᠪᠠᠭ APP ᠪᠠᠷ ᠳᠠᠮᠵᠢᠭᠤᠯᠤᠨ᠂ ︽ᠥᠯᠥ ᠬᠥᠳᠡᠯᠬᠦ ᠬᠥᠷᠥᠩᠭᠡ ᠶᠢ ᠰᠢᠯᠵᠢᠭᠦᠯᠬᠦ ᠳᠡᠩᠰᠡᠯᠡᠯᠲᠡ + ᠤᠰᠤ ᠴᠠᠬᠢᠯᠭᠠᠨ ᠬᠡᠢ ᠳᠤᠯᠠᠭᠠᠯᠠᠭ᠎ᠠ︾ ᠶᠢᠨ ᠬᠤᠯᠪᠣᠯᠳᠤᠨ ᠬᠥᠳᠡᠯᠬᠦ ᠡᠷᠦᠬᠡ ᠰᠢᠯᠵᠢᠭᠦᠯᠬᠦ ᠲᠤᠬᠠᠶᠢᠯᠠᠭᠰᠠᠨ ᠠᠵᠢᠯ ᠢ ᠠᠮᠵᠢᠯᠲᠠ ᠲᠠᠢ ᠭᠦᠢᠴᠡᠳᠬᠡᠪᠡ᠃ ᠡᠭᠦᠨ ᠠᠴᠠ ᠡᠮᠦᠨ᠎ᠡ᠂ ᠣᠯᠠᠨ ᠲᠦᠮᠡᠨ ᠥᠯᠥ ᠬᠥᠳᠡᠯᠬᠦ ᠬᠥᠷᠥᠩᠭᠡ ᠪᠠ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠡᠷᠦᠬᠡ ᠰᠢᠯᠵᠢᠭᠦᠯᠬᠦ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠡᠭᠡᠨ ᠤᠷᠢᠳᠠᠪᠠᠷ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠭᠦᠢᠴᠡᠳᠬᠡᠵᠦ᠂ ᠳᠠᠷᠠᠭ᠎ᠠ ᠨᠢ ᠲᠦᠭᠡᠭᠡᠯ ᠤᠰᠤ᠂ ᠴᠠᠬᠢᠯᠭᠠᠨ ᠬᠠᠩᠭᠠᠬᠤ᠂ ᠰᠢᠲᠠᠮᠠᠬᠠᠶ ᠬᠡᠶ ᠪᠠ ᠳᠤᠯᠠᠭᠠᠯᠠᠭ᠎ᠠ ᠬᠠᠩᠭᠠᠬᠤ ᠰᠠᠯᠠᠭ᠎ᠠ ᠮᠥᠴᠢᠷ ᠲᠤ ᠬᠦᠷᠴᠦ ᠨᠡᠷ᠎ᠡ ᠬᠠᠯᠠᠨ᠎ᠠ᠃ ᠣᠲᠣ ᠡᠮᠬᠢᠯᠡᠨ ᠨᠡᠶᠢᠯᠡᠭᠦᠯᠵᠦ ᠳᠢᠭᠯᠡᠭᠰᠡᠨ ᠤ ᠳᠠᠷᠠᠭ᠎ᠠ᠂ ᠵᠥᠪᠬᠡᠨ ᠨᠢᠭᠡ ᠬᠤᠪᠢ ᠮᠠᠲ᠋ᠧᠷᠢᠶᠠᠯ ᠢ ᠨᠢᠭᠡ ᠤᠳᠠᠭ᠎ᠠ ᠬᠠᠩᠭᠠᠪᠠᠯ ᠳᠠᠷᠤᠶ ︽ᠥᠯᠥ ᠬᠥᠳᠡᠯᠬᠦ ᠬᠥᠷᠥᠩᠭᠡ ᠶᠢ ᠰᠢᠯᠵᠢᠭᠦᠯᠬᠦ ᠳᠡᠩᠰᠡᠯᠡᠯᠲᠡ + ᠤᠰᠤ ᠴᠠᠬᠢᠯᠭᠠᠨ ᠬᠡᠢ ᠳᠤᠯᠠᠭᠠᠯᠠᠭ᠎ᠠ︾ ᠶᠢ ᠡᠷᠦᠬᠡ ᠰᠢᠯᠵᠢᠭᠦᠯᠬᠦ ᠭᠤᠶᠤᠴᠢᠯᠠᠯ ᠢ ᠪᠡᠶᠡᠯᠡᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ᠂ ᠨᠢᠭᠡ ᠦᠷᠲᠡᠭᠡᠴᠢᠯᠡᠭᠰᠡᠨ ᠮᠠᠶ᠋ᠢᠭ ᠢᠶᠠᠷ ᠬᠦᠢᠴᠡᠳᠬᠡᠵᠦ ᠳᠠᠭᠤᠰᠬᠠᠬᠤ︾ ᠶᠢ ᠦᠨᠡᠨ ᠬᠦ ᠪᠡᠶᠡᠯᠡᠭᠦᠯᠵᠦ ᠪᠣᠯᠤᠨ᠎ᠠ᠃ 
ᠢᠷᠡᠯᠲᠡ᠄ ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠬᠤ ᠲᠣᠪᠴᠢᠶ᠎ᠠ