ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︽ᠲᠤᠰᠠᠭᠠᠷ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠤᠰᠢᠶᠠᠯᠲᠠᠨ︾ ᠤ ᠲᠦᠷᠢᠮ ᠢ ᠬᠡᠷᠡᠭᠵᠢᠭᠦᠯᠦᠨ ᠬᠢᠨᠠᠨ ᠵᠥᠪᠰᠢᠶᠡᠷᠡᠬᠦ ᠶᠠᠪᠤᠴᠠ ᠢ ᠦᠷᠭᠦᠯᠵᠢᠯᠡᠨ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2023/5/9
  ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ᠂ ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠦᠢᠯᠡᠴᠢᠯᠡᠭᠡᠨ ᠤ ᠶᠠᠪᠤᠴᠠ ᠪᠠᠨ ᠲᠠᠰᠤᠷᠠᠯᠲᠠ ᠥᠬᠡᠶ ᠰᠢᠯᠢᠳᠡᠭᠵᠢᠭᠦᠯᠦᠨ᠂ ᠭᠦᠢᠴᠡᠳᠬᠡᠬᠦ ᠭᠤᠭᠴᠤᠭ᠎ᠠ ᠪᠠᠨ ᠴᠣᠮᠬᠠᠳᠬᠠᠨ᠂ ᠬᠢᠨᠠᠨ ᠵᠥᠪᠰᠢᠶᠡᠷᠡᠬᠦ ᠲᠠᠰ ᠳᠠᠪᠬᠤᠷᠭ᠎ᠠ ᠶᠢ ᠪᠠᠭᠠᠰᠬᠠᠨ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ︽ᠲᠤᠰᠠᠭᠠᠷ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠤᠰᠢᠶᠠᠯᠲᠠᠨ︾ ᠤ ᠲᠦᠷᠢᠮ ᠢ ᠰᠦᠪᠡᠭᠴᠢᠯᠡᠨ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠶᠢᠨ ᠳᠠᠬᠢᠨ ᠬᠤᠷᠳᠤᠴᠠ ᠪᠠᠨ ᠲᠦᠷᠭᠡᠳᠬᠡᠵᠦ᠂ ᠦᠢᠯᠡᠴᠢᠯᠡᠭᠡ ᠶᠢᠨ ᠳᠠᠬᠢᠨ ᠲᠠᠰ ᠳᠡᠪᠰᠢᠬᠦ ᠶᠢ ᠠᠬᠢᠭᠤᠯᠪᠠ᠃  ᠣᠳᠣᠬᠠᠨ ᠳᠤ ᠲᠦᠷᠦᠭᠦᠤ ᠪᠦᠯᠦᠭ ᠤᠨ 4 ︽ᠲᠤᠰᠠᠭᠠᠷ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠤᠰᠢᠶᠠᠯᠲᠠᠨ︾ ᠨᠢᠭᠡᠨᠲᠡ ᠵᠢᠩᠬᠢᠨᠢ ᠪᠠᠷ ᠠᠵᠢᠯ ᠤᠨ ᠪᠠᠶᠢᠷᠢ ᠳᠤ ᠭᠠᠷᠴᠤ᠂ ᠠᠵᠤ ᠠᠬᠤᠶᠢᠯᠠᠯ ᠯᠤᠭ᠎ᠠ ᠬᠤᠯᠪᠣᠭᠳᠠᠬᠤ ᠥᠨᠳᠥᠷ ᠳᠠᠪᠲᠠᠮᠵᠢᠲᠤ ᠵᠦᠢᠯᠡᠰ ᠲᠤ ︽ᠲᠤᠰᠠᠭᠠᠷ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠤᠰᠢᠶᠠᠯᠲᠠᠨ︾ ᠰᠢᠭᠤᠳ ᠬᠢᠨᠠᠨ ᠵᠥᠪᠰᠢᠶᠡᠷᠡᠬᠦ ᠲᠣᠭᠲᠠᠭᠠᠯ ᠭᠠᠷᠭᠠᠵᠤ᠂ ᠬᠠᠮᠤᠭ ᠤᠨ ᠶᠡᠭᠡ ᠬᠡᠮᠵᠢᠶ᠎ᠡ ᠪᠠᠷ ᠳᠡᠰ ᠳᠠᠷᠠᠭᠠᠯᠠᠨ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠦᠷ᠎ᠡ ᠪᠦᠲᠦᠮᠵᠢ ᠶᠢ 90%  ᠪᠠᠷ ᠳᠡᠭᠡᠭᠰᠢᠯᠡᠭᠦᠯᠵᠦ᠂ ᠳᠠᠷᠤᠢ ᠭᠦᠢᠴᠡᠳᠬᠡᠬᠦ ᠶᠢ ᠪᠡᠶᠡᠯᠡᠭᠦᠯᠵᠦ᠂ ᠲᠤᠰ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠭᠦᠢᠴᠡᠳᠬᠡᠬᠦ ᠴᠠᠭ ᠤᠨ ᠬᠢᠵᠠᠭᠠᠷ ᠢ 10 ᠠᠵᠢᠯᠯᠠᠬᠤ ᠡᠳᠦᠷ ᠪᠠᠶᠢᠭᠰᠠᠨ ᠠᠴᠠ 1 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠠᠵᠤ ᠠᠬᠤᠶᠢᠯᠠᠯ ᠤᠯᠠᠨ ᠲᠦᠮᠡᠨ ᠳᠤ ᠥᠨᠳᠥᠷ ᠦᠷ᠎ᠡ ᠪᠦᠲᠦᠮᠵᠢ ᠲᠠᠢ᠂ ᠳᠤᠯᠠᠭᠠᠴᠠ ᠲᠠᠢ᠂ ᠥᠪᠡᠷᠮᠢᠴᠡ᠂ ᠪᠦᠬᠦ ᠶᠠᠪᠤᠴᠠ ᠶᠢᠨ ᠰᠢᠯᠢᠳᠡᠭ ᠦᠢᠯᠡᠴᠢᠯᠡᠭᠡ ᠬᠠᠩᠭᠠᠪᠠ᠃  ᠲᠠᠷᠠᠭᠠᠴᠢ ᠶᠢᠨ ᠠᠯᠬᠤᠮ ᠳᠤ᠂ ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠬᠡᠪ ᠴᠢᠨᠠᠷ ᠢᠶᠠᠷ ᠴᠢᠩᠭ᠎ᠠ᠂ ᠣᠪᠣᠷ ᠰᠤᠷᠲᠠᠯ ᠢᠶᠠᠷ ᠰᠢᠯᠢᠳᠡᠭ ᠰᠠᠶᠢᠨ ᠬᠢᠨᠠᠨ ᠵᠥᠪᠰᠢᠶᠡᠷᠡᠬᠦ ᠡᠩᠨᠡᠭᠡ ᠶᠢ ᠳᠠᠪᠲᠠᠨ ᠪᠤᠯᠪᠠᠰᠤᠷᠠᠭᠤᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠷᠳᠣᠰ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠥᠭᠡᠷᠡᠴᠢᠯᠡᠯᠲᠡ ᠶᠢᠨ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ 
ᠢᠷᠡᠯᠲᠡ᠄ ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ