5 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠢᠦᠢ ᠰᠢᠨ ᠹᠠᠩ ᠪᠦᠯᠬᠦᠮ ᠳᠠᠭᠠᠭᠤᠯᠤᠨ ᠬᠥᠬᠡᠬᠤᠲᠠ ᠳᠤ | ᠪᠥᠬᠦ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠠᠩᠬᠢᠯᠠᠬᠤ ᠠᠬᠤᠢ ᠲᠠᠯᠠᠪᠠᠢ ᠶᠢᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠳᠤ ᠪᠠᠶᠢᠴᠠᠭᠠᠨ | ᠰᠤᠳᠤᠯᠤᠯᠲᠠ ᠬᠢᠪᠡ᠃ | ᠢᠦᠢ ᠰᠢᠨ ᠹᠠᠩ ᠤᠷᠢᠳ ᠬᠤᠵᠢᠳ ᠰᠠᠶᠢᠬᠠᠨ ᠲᠣᠭᠤᠷᠢᠭ ᠤᠨ ᠲᠧᠩ ᠹᠧᠢ ᠵᠠᠮ ᠤᠨ ᠪᠠᠭ᠎ᠠ ᠰᠤᠷᠭᠠᠭᠤᠯᠢ᠂ ᠰᠠᠶᠢᠬᠠᠨ ᠲᠣᠭᠤᠷᠢᠭ ᠤᠨ ᠰᠢᠨ ᠬᠤᠸᠠ ᠯᠢᠶᠠᠨ | ᠶᠠ ᠶᠤᠸᠠᠨ ᠬᠤᠷᠢᠶᠠᠯᠠᠯ᠂ ᠰᠠᠶᠢᠬᠠᠨ ᠲᠣᠭᠤᠷᠢᠭ ᠤᠨ ᠳ᠋ᠦᠩ ᠸᠠ ᠶᠣᠣ ᠲᠣᠭᠤᠭᠠᠨ ᠭᠡᠷ ᠤᠨ ᠬᠤᠭ ᠨᠣᠪᠰᠢ ᠰᠢᠢᠳᠪᠦᠷᠢᠯᠡᠬᠦ ᠥᠷᠲᠡᠭᠡ᠂ ᠢᠦᠢ ᠴᠢᠤᠸᠠᠨ | ᠲᠣᠭᠤᠷᠢᠭ ᠤᠨ ᠨᠥᠬᠦᠷᠯᠡᠯ ᠬᠤᠷᠢᠶᠠᠯᠠᠯ᠂ ᠰᠢᠨ᠎ᠡ ᠬᠤᠲᠠ ᠲᠣᠭᠤᠷᠢᠭ ᠤᠨ ᠢᠯᠭᠠᠯᠲᠠ ᠶᠢᠨ ᠲᠥᠪ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ | ᠵᠢᠱᠢᠶᠡᠴᠢ ᠬᠤᠷᠢᠶᠠᠯᠠᠯ ᠤᠨ ᠬᠤᠭ ᠨᠣᠪᠰᠢ ᠶᠢ ᠲᠥᠷᠥᠯ ᠠᠩᠬᠢᠯᠠᠬᠤ ᠰᠢᠯᠢᠳᠡᠭ ᠵᠢᠱᠢᠶ᠎ᠡ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ | ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ ᠵᠢᠱᠢᠶᠡᠴᠢ ᠪᠠᠷ ᠲᠣᠯᠣᠭᠠᠶᠢᠯᠠᠭᠤᠯᠬᠤ᠂ ᠬᠤᠭ ᠨᠣᠪᠰᠢ ᠶᠢ ᠲᠥᠷᠥᠯ ᠠᠩᠬᠢᠯᠠᠬᠤ ᠶᠢ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ᠂ ᠬᠤᠭ ᠨᠣᠪᠰᠢ ᠶᠢ ᠲᠥᠷᠥᠯ ᠠᠩᠬᠢᠯᠠᠨ ᠲᠡᠭᠡᠭᠡᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠵᠢᠴᠢ ᠢᠯᠭᠠᠯᠳᠠ ᠶᠢᠨ ᠲᠥᠪ ᠤᠨ | ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠢ ᠤᠬᠠᠭᠤᠯᠤᠨ ᠬᠥᠲᠥᠯᠥᠨ ᠵᠢᠯᠤᠭᠤᠳᠬᠤ ᠵᠡᠷᠭᠡ ᠠᠵᠢᠯ ᠤᠨ ᠦᠷ᠎ᠡ ᠪᠦᠲᠦᠮᠵᠢ ᠶᠢ ᠲᠤᠬᠠᠢ ᠶᠢᠨ ᠲᠠᠯᠠᠪᠠᠢ ᠳᠤ | ᠰᠢᠨᠵᠢᠯᠡᠨ ᠪᠠᠶᠢᠴᠠᠭᠠᠪᠠ᠃ | | | | | | | | | ᠢᠦᠢ ᠰᠢᠨ ᠹᠠᠩ᠂ ᠬᠤᠭ ᠨᠣᠪᠰᠢ ᠶᠢ ᠲᠥᠷᠥᠯ ᠠᠩᠬᠢᠯᠠᠬᠤ ᠪᠣᠯ ᠣᠯᠠᠨ ᠲᠦᠮᠡᠨ ᠤ ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠬᠤ᠂ ᠡᠬᠢ | ᠪᠠᠶᠠᠯᠢᠭ ᠢ ᠠᠷᠪᠢᠯᠠᠬᠤ᠂ ᠨᠡᠶᠢᠭᠡᠮ ᠤᠨ ᠪᠣᠯᠪᠠᠰᠤᠨ ᠤ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠶᠡᠷᠦᠩᠬᠡᠢ ᠱᠦᠵᠢ ᠰᠢ ᠶᠢᠨ | ᠫᠢᠩ ᠤᠨ ᠬᠤᠩᠺᠸᠤ ᠶᠢᠨ ᠵᠢᠶᠠ ᠰᠢᠩ ᠵᠠᠮ ᠤᠨ ᠵᠡᠭᠡᠯᠢ ᠭᠤᠳᠤᠮᠵᠢ ᠶᠢᠨ ᠬᠤᠭ ᠨᠣᠪᠰᠢ ᠶᠢ ᠲᠦᠷᠦᠯ ᠠᠩᠬᠢᠯᠠᠬᠤ ᠰᠠᠶᠢᠨ ᠳᠤᠷ᠎ᠠ ᠶᠢᠨ ᠠᠵᠢᠯᠯᠠᠭᠴᠢ ᠳᠤ | ᠥᠭᠭᠦᠭᠰᠡᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ | ᠬᠤᠳᠠ ᠶᠢᠨ ᠠᠮᠢᠳᠤᠷᠠᠯ ᠤᠨ ᠬᠤᠭ ᠨᠣᠪᠰᠢ ᠶᠢ ᠲᠦᠷᠦᠯ ᠠᠩᠬᠢᠯᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠬᠠᠭᠤᠯᠵᠤ | ᠬᠥᠲᠥᠯᠥᠨ ᠵᠢᠯᠤᠭᠤᠳᠬᠤ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠱᠠᠭᠠᠷᠳᠠᠯᠭ᠎ᠠ ᠶᠢ ᠦᠨᠡᠨᠬᠦ ᠠᠵᠢᠯ ᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠠ | ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠢᠦᠢ ᠰᠢᠨ ᠹᠠᠩ᠂ ᠬᠥᠬᠡᠬᠤᠲᠠ ᠪᠣᠯ ᠪᠦᠬᠦ ᠤᠯᠤᠰ ᠤᠨ ᠠᠩᠬᠠᠨ ᠤ ᠪᠦᠯᠦᠭ ᠠᠮᠢᠳᠤᠷᠠᠯ ᠤᠨ ᠬᠤᠭ ᠨᠣᠪᠰᠢ ᠶᠢ ᠲᠥᠷᠥᠯ ᠠᠩᠬᠢᠯᠠᠬᠤ ᠲᠤᠷᠰᠢᠯᠲᠠ ᠶᠢᠨ | ᠬᠤᠲᠠ ᠪᠣᠯᠣᠨ᠎ᠠ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠪᠦᠬᠦ ᠬᠡᠯᠬᠢᠶ᠎ᠡ ᠶᠢᠨ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠬᠦ ᠳᠡᠭᠡᠷ᠎ᠡ | ᠲᠠᠬᠢᠨ ᠬᠦᠴᠦ ᠣᠷᠣᠭᠤᠯᠵᠤ᠂ ᠡᠬᠢ ᠡᠭᠦᠰᠦᠯ ᠠᠴᠠ ᠨᠢ ᠤᠨᠢᠨ ᠳᠡᠭᠡᠷ᠎ᠡ ᠨᠢ ᠲᠦᠷᠦᠯ ᠬᠤᠪᠢᠶᠠᠬᠤ ᠶᠢ ᠪᠡᠶᠡᠯᠡᠭᠦᠯᠵᠦ᠂ ︽ᠬᠤᠯᠢᠯᠳᠤᠭᠤᠯᠤᠨ ᠰᠠᠪᠠᠯᠠᠵᠤ | ᠬᠤᠯᠢᠯᠳᠤᠭᠤᠯᠤᠨ ᠵᠥᠭᠡᠭᠡᠪᠦᠷᠢᠯᠡᠬᠦ︾ ᠶᠢ ᠬᠤᠷᠢᠭᠯᠠᠬᠤ ᠶᠢᠨ ᠬᠠᠮᠲᠤ ᠬᠠᠮᠤᠭ ᠡᠴᠦᠰ ᠲᠦᠷᠦᠯ ᠠᠩᠬᠢᠯᠠᠨ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠨᠡᠩ ᠨᠠᠷᠢᠯᠢᠭ ︽ᠲᠦᠷᠦᠯ ᠠᠩᠬᠢᠯᠠᠨ ᠲᠠᠯᠪᠢᠬᠤ᠂ ᠲᠦᠷᠦᠯ ᠠᠩᠬᠢᠯᠠᠨ ᠴᠤᠭᠯᠠᠭᠤᠯᠬᠤ᠂ ᠲᠦᠷᠦᠯ ᠠᠩᠬᠢᠯᠠᠨ | ᠲᠡᠭᠡᠭᠡᠪᠦᠷᠢᠯᠡᠬᠦ᠂ ᠲᠦᠷᠦᠯ ᠠᠩᠬᠢᠯᠠᠨ ᠰᠢᠢᠳᠪᠦᠷᠢᠯᠡᠬᠦ︾ ᠬᠤᠭ ᠨᠣᠪᠰᠢ ᠶᠢ ᠰᠢᠢᠳᠪᠦᠷᠢᠯᠡᠬᠦ ᠰᠢᠰᠲ᠋ᠧᠮ ᠢ ᠪᠠᠶᠢᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢ | ᠲᠦᠷᠦᠯ ᠠᠩᠬᠢᠯᠠᠬᠤ ᠠᠬᠤᠢ ᠲᠠᠯᠠᠪᠠᠢ ᠶᠢᠨ ᠬᠤᠷᠠᠯ ᠤᠨ ᠦᠵᠡᠭᠦᠯᠦᠯᠭᠡ ᠶᠢᠨ ᠴᠡᠭ ᠤᠨ ᠲᠦᠷᠦᠯ ᠵᠦᠢᠯ ᠢ ᠨᠠᠷᠢᠨ ᠨᠢᠮᠪᠠᠢ ᠪᠠᠶᠢᠭᠤᠯᠵᠤ᠂ ᠲᠤᠰ ᠤᠳᠠᠭ᠎ᠠ ᠶᠢᠨ ᠠᠵᠠ | ᠲᠣᠬᠢᠶᠠᠯ ᠢ ᠠᠮᠵᠢᠵᠤ᠂ ︽ᠬᠥᠬᠡᠬᠤᠲᠠ ᠶᠢᠨ ᠲᠤᠷᠰᠢᠯᠭ᠎ᠠ︾ ᠶᠢ ᠰᠠᠶᠢᠲᠤᠷ ᠳᠡᠯᠭᠡᠨ ᠦᠵᠡᠭᠦᠯᠵᠦ᠂ ᠪᠦᠬᠦ ᠣᠷᠣᠨ ᠤ ᠬᠤᠳᠠ ᠶᠢᠨ ᠠᠮᠢᠳᠤᠷᠠᠯ ᠤᠨ ᠬᠤᠭ | ᠨᠣᠪᠰᠢ ᠶᠢ ᠲᠦᠷᠦᠯ ᠠᠩᠬᠢᠯᠠᠬᠤ ᠠᠵᠢᠯ ᠢ ᠲᠠᠶᠢᠴᠢᠯᠠᠨ ᠰᠢᠨ᠎ᠡ ᠳᠡᠭᠲᠡᠷ ᠲᠤ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠲᠠ ᠶᠢᠨ ᠬᠠᠮᠢᠶᠠᠷᠤᠯᠲᠠ ᠶᠢᠨ | ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠬᠥᠬᠡᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | |