ᠥᠪᠦᠷ ᠪᠠᠶᠢᠭᠤᠯᠤᠯᠲᠠ ᠴᠢᠨᠠᠷ ﹇2023 ﹈ 113 ᠳ᠋ᠤᠭᠠᠷ ᠲᠣᠭᠠᠲᠤ | ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ | ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠢᠯ ᠲᠥᠷᠥᠯ ᠤᠨ ᠨᠡᠶᠢᠭᠡᠮᠯᠢᠭ ᠲᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠯ᠎ᠠ ᠨᠤᠲᠤᠭ ᠬᠤᠨᠳᠠᠭᠠᠲᠤ﹀ ᠢᠨᠵᠧᠨᠧᠷᠢᠩ ᠤᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ | ᠠᠷᠭ᠎ᠠ︾ ︵ᠥᠪᠥᠷ ᠪᠠᠶᠢᠭᠤᠯᠤᠯᠲᠠ ᠴᠢᠨᠠᠷ ﹇2021﹈ 100 ᠳ᠋ᠤᠭᠠᠷ ᠲᠣᠭᠠᠲᠤ︶᠂ ︽2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︿ᠲᠠᠯ᠎ᠠ ᠨᠤᠲᠤᠭ ᠬᠤᠨᠳᠠᠭᠠᠲᠤ﹀ ᠢᠨᠵᠧᠨᠧᠷᠢᠩ ᠤᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠠᠵᠢᠯ ᠢ ᠥᠷᠨᠢᠭᠦᠯᠬᠦ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ | ᠪᠠᠶᠢᠭᠤᠯᠤᠯᠲᠠ ᠴᠢᠨᠠᠷ ﹇2023﹈ 36 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠢᠨᠠᠨ ᠲᠣᠭᠲᠠᠭᠠᠬᠤ᠂ ᠵᠠᠷᠯᠠᠨ ᠨᠡᠶᠢᠲᠡᠯᠡᠬᠦ ᠵᠡᠷᠭᠡ ᠲᠠᠰ | ᠳᠠᠷᠠᠭᠠᠯᠠᠯ ᠢᠶᠠᠷ ᠳᠡᠮᠵᠢᠨ᠂ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠰᠢᠨ᠎ᠡ ᠪᠠᠷ ᠪᠠᠶᠢᠭᠤᠯᠤᠭᠰᠠᠨ ᠵᠢᠭᠠᠨ ᠰᠤᠷᠭᠠᠯᠲᠠ ᠶᠢᠨ ᠠᠰᠠᠷ | ᠵᠢᠴᠢ ᠳᠠᠭᠠᠯᠲᠠ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ 14 ᠵᠦᠢᠯ ᠤᠨ ᠢᠨᠵᠧᠨᠧᠷᠢᠩ ᠳᠤ 2022 ᠣᠨ ᠤ ᠨᠢᠭᠡᠳᠦᠭᠡᠷ | ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠬᠤᠨᠳᠠᠭᠠᠲᠤ︾ ᠢᠨᠵᠧᠨᠧᠷᠢᠩ ᠤᠨ ᠶᠠᠰᠤ ᠴᠢᠨᠠᠷ ᠤᠨ ᠱᠠᠩᠨᠠᠯ ᠣᠯᠭᠤᠬᠤ ᠪᠠᠷ | ᠲᠣᠭᠲᠠᠪᠠ᠃ | ᠱᠠᠩᠨᠠᠯ ᠣᠯᠣᠭᠰᠠᠨ ᠨᠢᠭᠡᠴᠢ ᠪᠠ ᠬᠤᠪᠢ ᠬᠥᠮᠥᠨ ᠤᠯᠠᠮ ᠴᠢᠷᠮᠠᠶᠢᠵᠤ᠂ ᠢᠨᠵᠧᠨᠧᠷᠢᠩ ᠤᠨ ᠶᠠᠰᠤ ᠴᠢᠨᠠᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠢᠨᠵᠧᠨᠧᠷᠢᠩ ᠤᠨ ᠶᠠᠰᠤ ᠴᠢᠨᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠨ᠂ ᠢᠨᠵᠧᠨᠧᠷᠢᠩ ᠤᠨ ᠶᠠᠰᠤ ᠴᠢᠨᠠᠷ ᠤᠨ ᠬᠢᠷᠢ | ᠲᠦᠪᠰᠢᠨ ᠢ ᠳᠡᠭᠡᠭᠰᠢᠯᠡᠭᠦᠯᠵᠦ᠂ ᠮᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠥᠨᠳᠥᠷ ᠬᠢᠷᠢ ᠲᠦᠪᠰᠢᠨ ᠢᠶᠠᠷ | ᠬᠥᠭᠵᠢᠬᠦ ᠶᠢ ᠴᠢᠷᠮᠠᠶᠢᠨ ᠠᠬᠢᠭᠤᠯᠬᠤ ᠶᠢ ᠬᠦᠰᠡᠵᠦ ᠪᠠᠶᠢᠨ᠎ᠠ᠃ | ᠳᠠᠭᠠᠯᠳᠤᠭᠤᠯᠤᠯ᠄ 2022 ᠣᠨ ᠤ ᠨᠢᠭᠡᠳᠦᠭᠡᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠬᠤᠨᠳᠠᠭᠠᠲᠤ︾ | ᠢᠨᠵᠧᠨᠧᠷᠢᠩ ᠤᠨ ᠶᠠᠰᠤ ᠴᠢᠨᠠᠷ ᠤᠨ ᠱᠠᠩᠨᠠᠯ ᠳᠤ ᠱᠠᠩᠨᠠᠯ ᠭᠥᠷᠳᠡᠭᠰᠡᠨ ᠲᠥᠷᠥᠯ ᠵᠦᠢᠯ ᠤᠨ ᠨᠡᠷᠡᠰ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ | 2023 ᠣᠨ ᠤ 6 ᠳ᠋ᠤᠭᠠᠷ ᠰᠠᠷ᠎ᠠ ᠶᠢᠨ 9 ᠤ ᠡᠳᠦᠷ | |