ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠬᠢᠭᠡᠳ ᠪᠦᠲᠦᠴᠡ ᠶᠢ ᠨᠢᠭᠡ ᠴᠤᠭᠴᠠᠵᠢᠭᠤᠯᠬᠤ ᠮᠡᠷᠭᠡᠵᠢᠯ ᠢ | ᠳᠡᠯᠭᠡᠷᠡᠭᠦᠯᠦᠨ ᠬᠡᠷᠡᠭᠯᠡᠬᠦ ᠳᠤ ᠬᠡᠷᠡᠭᠵᠢᠭᠦᠯᠬᠦ ᠲᠥᠰᠦᠯ︾ ︵ᠥᠪᠥᠷ ᠪᠠᠶᠢᠭᠤᠯᠤᠯᠲᠠ ᠠᠯᠪᠠᠨ ﹇ 2020﹈ 109 ᠳ᠋ᠦ᠋ᠭᠡᠷ ᠲᠣᠭᠠᠲᠤ᠂ ᠳᠣᠷᠣᠭᠰᠢ ︽ᠬᠡᠷᠡᠭᠵᠢᠭᠦᠯᠬᠦ | ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠪᠠᠷ ᠢᠶᠠᠨ ︽ᠬᠡᠷᠡᠭᠵᠢᠭᠦᠯᠬᠦ ᠲᠥᠰᠦᠯ︾ ᠤᠨ ᠬᠠᠮᠢᠶ᠎ᠠ ᠪᠥᠬᠦᠶ ᠠᠭᠤᠯᠭ᠎ᠠ ᠶᠢ | ᠥᠷᠭᠡᠨ ᠢᠶᠠᠷ ᠣᠶᠢᠯᠠᠭᠠᠭᠤᠯᠬᠤ ᠪᠠ ᠵᠥᠪ ᠢᠶᠠᠷ ᠣᠶᠢᠯᠠᠭᠠᠭᠤᠯᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ | ᠬᠦ ᠰᠠᠶᠢᠲᠤᠷ ᠠᠳᠬᠤᠬᠤ ᠶᠢᠨ ᠲᠥᠯᠥᠭᠡ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠡ᠄ | ᠨᠢᠭᠡ᠂ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ | ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠪᠠ ᠪᠦᠲᠦᠴᠡ ᠶᠢ ᠨᠢᠭᠡ ᠴᠤᠭᠴᠠᠵᠢᠭᠤᠯᠬᠤ ᠮᠡᠷᠭᠡᠵᠢᠯ ᠨᠢ ᠪᠠᠷᠢᠯᠭ᠎ᠠ ᠲᠠᠢ ᠠᠮᠢ ᠨᠠᠰᠤ ᠠᠳᠠᠯᠢ᠂ ᠠᠮᠤᠷ ᠲᠦᠪᠰᠢᠨ | ᠨᠠᠶᠢᠳᠠᠪᠤᠷᠢᠲᠠᠶ᠂ ᠪᠠᠷᠢᠯᠭ᠎ᠠ ᠪᠠᠷᠢᠬᠤ ᠳᠤ ᠳᠥᠭᠦᠮ ᠦᠵᠡᠭᠦᠯᠬᠦ ᠵᠡᠷᠭᠡ ᠳᠠᠪᠠᠭᠤᠯᠢᠭ ᠲᠠᠯ᠎ᠠ ᠲᠠᠢ ᠪᠠᠶᠢᠵᠤ᠂ ᠤᠯᠠᠮᠵᠢᠯᠠᠯᠲᠤ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ | ᠵᠢᠷᠤᠭ ᠲᠥᠯᠥᠪᠯᠡᠭᠡ ᠪᠠ ᠪᠠᠷᠢᠯᠭ᠎ᠠ ᠪᠠᠷᠢᠬᠤ ᠠᠷᠭ᠎ᠠ ᠶᠢᠨ ᠨᠢᠭᠡ ᠤᠳᠠᠭᠠᠨ ᠤ ᠴᠢᠬᠤᠯᠠ ᠶᠡᠭᠡ ᠬᠤᠪᠢᠰᠤᠯᠲᠠ ᠪᠠᠶᠢᠵᠤ᠂ ᠨᠢᠭᠡ ᠴᠣᠭᠴᠠᠵᠢᠭᠤᠯᠤᠭᠰᠠᠨ ᠮᠡᠷᠭᠡᠵᠢᠯ ᠢ | ᠳᠡᠯᠭᠡᠷᠡᠭᠦᠯᠦᠨ ᠬᠡᠷᠡᠭᠯᠡᠬᠦ ᠨᠢ ᠤᠯᠤᠰ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠠᠵᠤ ᠦᠢᠯᠡᠰ ᠤᠨ ᠲᠥᠷᠥ ᠶᠢᠨ | ᠪᠣᠳᠣᠯᠭ᠎ᠠ ᠳᠤ ᠨᠡᠶᠢᠴᠡᠵᠦ᠂ ᠮᠠᠨ ᠤ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠪᠥᠲᠥᠭᠡᠨ | ᠪᠠᠶᠢᠭᠤᠯᠤᠯᠲᠠ ᠶᠢᠨ ᠬᠦᠷᠢᠶᠡᠨ ᠳᠠᠬᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠳᠦᠷᠢᠮ︾ | ᠳᠠᠬᠢ ︽ᠪᠠᠷᠢᠯᠭ᠎ᠠ ᠶᠢᠨ ᠬᠡᠷᠡᠮ ᠳᠠᠬᠢ ᠳᠤᠯᠠᠭᠠᠨ ᠢ ᠬᠠᠮᠠᠭᠠᠯᠠᠬᠤ ᠪᠠ ᠪᠦᠲᠦᠴᠡ ᠶᠢ ᠨᠢᠭᠡ ᠴᠣᠭᠴᠠᠵᠢᠭᠤᠯᠬᠤ ᠮᠡᠷᠭᠡᠵᠢᠯ ᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ᠪᠠᠷᠢᠯᠭ᠎ᠠ ᠳᠠᠬᠢ ᠬᠡᠷᠡᠭᠯᠡᠭᠡᠨ ᠤ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠶ︾ ᠭᠡᠵᠦ ᠲᠤᠭᠳᠠᠭᠠᠭᠰᠠᠨ | ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠦᠷᠭᠡᠳᠬᠡᠨ ᠠᠬᠢᠭᠤᠯᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠣᠬᠢᠷᠲᠤᠯ ᠥᠬᠡᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠪᠥᠲᠥᠭᠡᠨ | ᠪᠠᠶᠢᠭᠤᠯᠤᠯᠲᠠ ᠶᠢᠨ ᠠᠷᠭ᠎ᠠ ᠮᠠᠶ᠋ᠢᠭ ᠢ ᠪᠣᠬᠢᠷᠲᠤᠯ ᠥᠬᠡᠶ ᠪᠣᠯᠭᠠᠬᠤ ᠶᠢ ᠠᠬᠢᠭᠤᠯᠤᠨ᠂ ᠪᠠᠷᠢᠯᠭ᠎ᠠ ᠶᠢᠨ ᠢᠨᠵᠧᠨᠧᠷᠢᠩ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠪᠥᠬᠦ | ᠣᠷᠣᠨ ᠤ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ ᠢᠨᠵᠧᠨᠧᠷᠢᠩ ᠤᠨ ᠠᠮᠤᠷ ᠲᠦᠪᠰᠢᠨ | ᠴᠢᠨᠠᠷ ᠪᠠ ᠨᠠᠶᠢᠳᠠᠪᠤᠷᠢᠲᠤ ᠴᠢᠨᠠᠷ ᠢ ᠴᠢᠩᠭᠠᠳᠬᠠᠨ᠎ᠠ᠂ ᠮᠠᠨ ᠤ ᠲᠢᠩᠬᠢᠮ ︽ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠪᠠ᠃ | ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ | 1. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ | ᠪᠠᠷᠢᠯᠭ᠎ᠠ ᠶᠢᠨ ᠬᠥᠭᠵᠢᠯᠲᠡ ᠶᠢᠨ ᠳᠦᠷᠢᠮ︾ | 2. ︽ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢᠨ ᠬᠥᠭᠵᠢᠯᠲᠡ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ | ﹇ 2021﹈ 21 ᠳ᠋ᠤᠭᠡᠷ ᠲᠣᠭᠠᠲᠤ︶ | 3. ︽ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ | ﹇ 2021﹈ 41 ᠳ᠋ᠤᠭᠡᠷ ᠲᠣᠭᠠᠲᠤ | ᠭᠤᠷᠪᠠ᠂ ᠭᠤᠣᠯ ᠠᠭᠤᠯᠭ᠎ᠠ | ︽ᠬᠡᠷᠡᠭᠵᠢᠭᠦᠯᠬᠦ ᠲᠥᠰᠦᠯ︾ ᠳᠤ ᠪᠦᠬᠦᠳᠡ ᠶᠡᠷᠦᠩᠬᠡᠶ ᠱᠠᠭᠠᠷᠳᠠᠯᠭ᠎ᠠ᠂ ᠡᠭᠦᠷᠭᠡ ᠶᠢᠨ ᠬᠠᠷᠠᠯᠲᠠ᠂ ᠠᠵᠢᠯ ᠤᠨ ᠠᠷᠭ᠎ᠠ ᠬᠡᠮᠵᠢᠶ᠎ᠡ ᠪᠠ ᠵᠣᠬᠢᠶᠠᠨ ᠪᠠᠶᠢᠭᠤᠯᠵᠤ | ᠪᠠᠲᠤᠯᠠᠬᠤ ᠳᠥᠷᠪᠡᠨ ᠬᠡᠰᠡᠭ ᠠᠭᠤᠯᠭ᠎ᠠ ᠪᠠᠶᠢᠵᠤ᠂ ᠭᠤᠤᠯᠳᠠᠭᠤ ᠬᠡᠷᠡᠭᠯᠡᠬᠦ ᠶᠢ ᠨᠢᠭᠡ ᠴᠣᠭᠴᠠᠵᠢᠭᠤᠯᠬᠤ ᠮᠡᠷᠭᠡᠵᠢᠯ ᠢ ᠳᠡᠯᠭᠡᠷᠡᠭᠦᠯᠬᠦ ᠪᠠᠷ ᠭᠠᠷᠳᠠᠴᠠ ᠪᠣᠯᠭᠠᠵᠤ᠂ | ᠱᠠᠲᠤ ᠦᠶ᠎ᠡ ᠶᠢᠨ ᠴᠢᠨᠠᠷᠲᠠᠶ ᠡᠭᠦᠷᠭᠡ ᠶᠢᠨ ᠬᠠᠷᠠᠯᠲᠠ ᠶᠢ ᠲᠣᠳᠣᠷᠬᠠᠶᠢᠯᠠᠬᠤ ᠪᠠᠷ ᠳᠠᠮᠵᠢᠭᠤᠯᠤᠨ᠂ ᠪᠥᠲᠥᠭᠡᠨ ᠪᠠᠶᠢᠭᠤᠯᠬᠤ ᠨᠢᠭᠡᠴᠢ᠂ ᠵᠢᠷᠤᠵᠤ ᠲᠥᠯᠥᠪᠯᠡᠬᠦ ᠨᠢᠭᠡᠴᠢ᠂ | ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ᠂ ᠪᠠᠷᠢᠯᠭ᠎ᠠ ᠪᠠᠷᠢᠬᠤ ᠨᠢᠭᠡᠴᠢ᠂ ᠬᠢᠨᠠᠨ ᠬᠠᠮᠢᠶᠠᠷᠬᠤ ᠨᠢᠭᠡᠴᠢ᠂ ᠪᠠᠶᠢᠴᠠᠭᠠᠨ ᠰᠢᠯᠭᠠᠬᠤ | ᠪᠠᠶᠢᠭᠤᠯᠤᠮᠵᠢ ᠳᠤ ᠨᠢᠭᠡ ᠴᠣᠭᠴᠠᠵᠢᠭᠤᠯᠤᠭᠰᠠᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠠᠪᠤᠴᠠ ᠳᠤ ᠠᠪᠤᠪᠠᠯ ᠵᠣᠬᠢᠬᠤ ᠠᠵᠢᠯ ᠤᠨ ᠠᠷᠭ᠎ᠠ ᠬᠡᠮᠵᠢᠶ᠎ᠡ ᠳᠤ ᠪᠣᠳᠠᠲᠠᠶ | ᠲᠣᠭᠲᠠᠭᠠᠯ ᠭᠠᠷᠭᠠᠬᠤ ᠶᠢᠨ ᠬᠠᠮᠲᠤ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ | ᠳᠥᠷᠪᠡ᠂ ᠨᠡᠷᠡᠰ ᠤᠨ ᠲᠠᠶᠢᠯᠪᠤᠷᠢ | ᠲᠤᠰ ︽ᠬᠡᠷᠡᠭᠵᠢᠭᠦᠯᠬᠦ ᠲᠥᠰᠦᠯ︾ ᠳᠤ ᠬᠡᠯᠡᠵᠦ ᠪᠠᠶᠢᠭ᠎ᠠ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠬᠢᠭᠡᠳ ᠪᠦᠲᠦᠴᠡ ᠶᠢ ᠨᠢᠭᠡ ᠴᠣᠭᠴᠠᠵᠢᠭᠤᠯᠬᠤ ᠮᠡᠷᠭᠡᠵᠢᠯ | ᠭᠡᠳᠡᠭ ᠨᠢ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠴᠢᠳᠠᠮᠵᠢ ᠬᠢᠭᠡᠳ ᠬᠡᠷᠡᠮ ᠤᠨ ᠬᠦᠷᠢᠶᠡᠯᠡᠨ ᠬᠠᠮᠠᠭᠠᠯᠠᠬᠤ ᠴᠢᠳᠠᠮᠵᠢ ᠶᠢ ᠨᠢᠭᠡ ᠴᠣᠭᠴᠠᠵᠢᠭᠤᠯᠤᠭᠰᠠᠨ᠂ | ᠬᠡᠷᠡᠮ ᠳᠤ ᠣᠨᠳᠤᠤ ᠳᠤᠯᠠᠭᠠᠨ ᠢ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠴᠢᠬᠤᠯᠠ ᠦᠭᠡᠶ ᠪᠠᠷ ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠢᠯᠭ᠎ᠠ ᠶᠢᠨ ᠡᠨᠧᠷᠭᠢ | ᠠᠷᠪᠢᠯᠠᠬᠤ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠠᠩᠭᠠᠵᠤ ᠳᠡᠶᠢᠯᠬᠦ ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠢ ᠵᠢᠭᠠᠵᠤ ᠪᠤᠶ᠃ | | ︵ᠦᠭᠦᠯᠡᠭᠴᠢ᠄ ᠵᠠᠩ ᠵᠢᠩ ᠴᠢ 0471 – 6946889︶ | |