2023 ᠣᠨ ᠤ ᠬᠤᠷᠢᠨ ᠭᠤᠷᠪᠠᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠡᠶᠢᠳᠡᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠤᠯᠪᠣᠭᠳᠠᠯ ᠪᠥᠬᠦᠶ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ | ᠶᠣᠰᠣᠭᠠᠷ᠂ ᠮᠠᠨ ᠤ ᠲᠢᠩᠬᠢᠮ ᠠᠴᠠ 2023 ᠣᠨ ᠤ ᠬᠤᠷᠢᠨ ᠭᠤᠷᠪᠠᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠮᠡᠳᠡᠭᠦᠯᠬᠦ | ᠮᠠᠲ᠋ᠧᠷᠢᠶᠠᠯ ᠢ ᠬᠢᠨᠠᠨ ᠪᠠᠶᠢᠴᠠᠭᠠᠵᠤ᠂ ᠣᠲᠣ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ 1 ᠠᠵᠤ ᠠᠬᠤᠶᠢᠯᠠᠯ᠂ ᠪᠠᠷᠢᠯᠭ᠎ᠠ ᠶᠢᠨ ᠦᠢᠯᠡᠰ ᠤᠨ 7 ᠠᠵᠤ ᠠᠬᠤᠶᠢᠯᠠᠯ᠂ | ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ 3 ᠠᠵᠤ ᠠᠬᠤᠶᠢᠯᠠᠯ᠂ 112 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠶ | ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠪᠡ ︵ᠳᠠᠭᠠᠯᠳᠤᠭᠤᠯᠤᠯ ᠳᠤ ᠦᠵᠡ︶᠃ ᠬᠢᠨᠠᠨ | ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠬᠦ ᠬᠤᠭᠤᠴᠠᠭ᠎ᠠ ᠨᠢ 2023 ᠣᠨ ᠤ 7 ᠳ᠋ᠤᠭᠠᠷ ᠰᠠᠷ᠎ᠠ ᠶᠢᠨ 13 ᠤ ᠡᠳᠦᠷ ᠤᠨ 17 ᠴᠠᠭ 30 ᠮᠢᠨᠦ᠋ᠲ ᠪᠣᠯᠲᠠᠯ᠎ᠠ᠂ | ᠵᠠᠷᠯᠠᠨ ᠨᠡᠶᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠠᠶᠢᠪᠠᠯ᠂ ᠵᠥᠪᠳᠡᠭᠡᠨ ᠲᠣᠳᠣᠷᠬᠠᠶᠢᠯᠠᠬᠤ ᠪᠠᠷ ᠳᠤᠷᠠᠳᠴᠤ ᠪᠣᠯᠤᠨ᠎ᠠ᠂ ᠬᠢᠨᠠᠨ | ᠪᠠᠶᠢᠴᠠᠭᠠᠭᠰᠠᠨ ᠰᠠᠨᠠᠯ ᠳᠤ ᠪᠠᠲᠤᠯᠠᠭᠳᠠᠭᠰᠠᠨ ᠥᠬᠡᠶ ᠠᠵᠤ ᠠᠬᠤᠶᠢᠯᠠᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠠᠴᠠ ᠪᠣᠳᠠᠲᠠᠶ ᠰᠠᠨᠠᠯ ᠢ ᠪᠠᠶᠢᠴᠠᠭᠠᠨ | ᠦᠵᠡᠵᠦ ᠪᠣᠯᠤᠨ᠎ᠠ᠃ | ᠶᠠᠮᠠᠷᠪᠠ ᠬᠤᠯᠪᠣᠭᠳᠠᠯ ᠪᠥᠬᠦᠶ ᠨᠢᠭᠡᠴᠢ ᠵᠢᠴᠢ ᠬᠤᠪᠢ ᠬᠥᠮᠦᠨ᠂ ᠬᠡᠷᠪᠡ ᠠᠵᠤ ᠠᠬᠤᠶᠢᠯᠠᠯ ᠤᠨ ᠮᠡᠳᠡᠭᠦᠯᠦᠭᠰᠡᠨ ᠬᠢᠷᠢ ᠬᠡᠮ ᠤᠨ ᠪᠠᠶᠢᠳᠠᠯ ᠳᠤ ᠣᠨᠳᠣᠤ | ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠢᠷᠡᠵᠦ ᠪᠠᠶᠢᠳᠠᠯ ᠢᠶᠠᠨ ᠲᠤᠰᠬᠠᠵᠤ ᠪᠣᠯᠤᠨ᠎ᠠ᠂ ᠨᠢᠭᠡᠴᠢ ᠠᠴᠠ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ | ᠳᠠᠷᠤᠬᠤ ᠴᠢᠬᠤᠯᠠᠲᠠᠶ᠂ ᠬᠤᠪᠢ ᠬᠥᠮᠦᠨ ᠠᠴᠠ ᠪᠠᠶᠢᠳᠠᠯ ᠢᠶᠠᠨ ᠲᠤᠰᠬᠠᠬᠤ ᠳᠤ ᠦᠨᠡᠨ ᠪᠣᠳᠠᠲᠠᠶ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ᠂ | ᠬᠠᠶ᠋ᠢᠭ ᠪᠠ ᠰᠢᠤᠳᠠᠨ ᠤ ᠳ᠋ᠤᠭᠠᠷ ᠢᠶᠠᠨ ᠦᠯᠡᠳᠡᠭᠡᠬᠦ ᠬᠡᠷᠡᠭᠲᠡᠶ᠃ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ ᠰᠢᠦᠳᠠᠨ ᠢᠶᠠᠷ ᠢᠯᠡᠭᠡᠬᠦ ᠠᠵᠤ ᠠᠬᠤᠶᠢᠯᠠᠯ ᠪᠤᠶᠤ ᠬᠤᠪᠢ | ᠬᠥᠮᠦᠨ ᠡᠷᠬᠡᠪᠰᠢ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠵᠦ᠂ ᠬᠡᠷᠡᠭᠴᠡᠭᠡ ᠳᠤ ᠪᠠᠨ ᠪᠡᠯᠡᠳᠬᠡᠬᠦ ᠬᠡᠷᠡᠭᠲᠡᠶ᠃ | ᠬᠠᠷᠢᠯᠴᠠᠬᠤ ᠤᠲᠠᠰᠤ᠄ 0471-6945165 | ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ | ᠨᠣᠮᠧᠷᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 13 ᠳ᠋ᠤᠭᠠᠷ ᠳᠠᠪᠬᠤᠷᠯᠢᠭ ᠤᠨ ᠶᠡᠷᠦᠩᠬᠡᠶᠢᠯᠡᠭᠰᠡᠨ | ᠴᠣᠩᠬᠤᠪᠴᠢ | ᠳᠠᠭᠠᠯᠳᠤᠭᠤᠯᠤᠯ᠄ | 1. ᠬᠤᠷᠢᠨ ᠭᠤᠷᠪᠠᠳᠤᠭᠠᠷ ᠪᠦᠯᠦᠭ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ | 2. ᠬᠤᠷᠢᠨ ᠭᠤᠷᠪᠠᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ | 3. ᠬᠤᠷᠢᠨ ᠭᠤᠷᠪᠠᠳᠤᠭᠠᠷ ᠪᠦᠯᠦᠭ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠢ ᠬᠢᠨᠠᠨ | ᠪᠠᠶᠢᠴᠠᠭᠠᠬᠤ ᠰᠠᠨᠠᠯ | 4. ᠬᠤᠷᠢᠨ ᠭᠤᠷᠪᠠᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠬᠢᠨᠠᠨ | ᠪᠠᠶᠢᠴᠠᠭᠠᠭᠰᠠᠨ ᠰᠠᠨᠠᠯ | | 2023 ᠣᠨ ᠤ 7 ᠳ᠋ᠤᠭᠠᠷ ᠰᠠᠷ᠎ᠠ ᠶᠢᠨ 7 ᠤ ᠡᠳᠦᠷ | | | | | | |