﹇2023﹈ 109 ᠳ᠋ᠤᠭᠡᠷ ᠲᠣᠭᠠᠲᠤ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ 2023 | ᠣᠨ ᠤ ᠬᠤᠷᠢᠨ ᠳᠣᠯᠣᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠵᠥᠪᠰᠢᠶᠡᠷᠡᠬᠦ ᠲᠤᠬᠠᠶ ᠠᠯᠪᠠᠨ ᠵᠠᠷ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ | ᠮᠠᠨ ᠤ ᠲᠢᠩᠬᠢᠮ ᠠᠴᠠ 2023 ᠣᠨ ᠤ ᠬᠤᠷᠢᠨ ᠳᠣᠯᠣᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠲᠤ ᠬᠢᠨᠠᠨ ᠪᠠᠶᠢᠴᠠᠭᠠᠯᠲᠠ ᠬᠢᠵᠦ᠂ | ᠣᠲᠣ ᠬᠢᠨᠠᠨ ᠵᠥᠪᠰᠢᠶᠡᠷᠡᠬᠦ ᠪᠠᠷ ᠪᠠᠶᠢᠭ᠎ᠠ 21 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ 41 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ | ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠨᠡᠷᠡᠰ ᠢ ᠨᠡᠶᠢᠲᠡᠯᠡᠪᠡ᠃ ᠳᠡᠭᠡᠷᠡᠬᠢ ᠨᠢᠭᠡᠨᠲᠡ ᠡᠯᠧᠺᠲᠷᠣᠨ ᠦᠨᠡᠮᠯᠡᠯ ᠢ ᠡᠬᠢᠯᠡᠵᠦ ᠬᠡᠷᠡᠭᠯᠡᠭᠰᠡᠨ | ᠵᠦᠢᠯᠡᠰ ᠨᠢ ᠡᠯᠧᠺᠲᠷᠣᠨ ᠦᠨᠡᠮᠯᠡᠯ ᠢ ᠬᠢᠨᠠᠨ ᠣᠯᠭᠤᠭᠰᠠᠨ ᠡᠳᠦᠷ ᠠᠴᠠ ᠡᠬᠢᠯᠡᠨ᠂ ᠤᠤᠯ ᠤᠨ ᠬᠢᠨᠠᠨ ᠣᠯᠭᠤᠭᠰᠠᠨ ᠴᠠᠭᠠᠰᠤᠨ ᠪᠠᠷ ᠤᠨ ᠦᠨᠡᠮᠯᠡᠯ ᠠᠶᠠᠨᠳᠠᠭᠠᠨ | ᠬᠦᠴᠦᠨ ᠦᠭᠡᠢ ᠪᠣᠯᠣᠨ᠎ᠠ᠃ ᠠᠵᠤ ᠠᠬᠤᠶᠢᠯᠠᠯ ᠦᠯᠦ ᠬᠢᠨᠠᠨ ᠵᠥᠪᠰᠢᠶᠡᠷᠡᠭᠰᠡᠨ ᠰᠢᠯᠲᠠᠭᠠᠨ ᠢ ᠨᠢᠭᠡᠨᠲᠡ ᠠᠵᠤ ᠠᠬᠤᠶᠢᠯᠠᠯ ᠤᠨ ᠡᠯᠧᠺᠲᠷᠣᠨ ᠰᠢᠦᠳᠠᠨ ᠬᠠᠶᠢᠷᠴᠠᠭ | ︵ᠮᠡᠳᠡᠭᠦᠯᠬᠦ ᠬᠦᠰᠦᠨᠦᠭᠲᠦ ᠶᠢ ᠲᠠᠭᠯᠠᠨ ᠮᠡᠳᠡᠭᠦᠯᠬᠦ ᠡᠯᠧᠺᠲᠷᠣᠨ ᠰᠢᠦᠳᠠᠨ ᠬᠠᠶᠢᠷᠴᠠᠭ ᠤᠨ ᠨᠣᠮᠧᠷ︶ ᠲᠤ ᠬᠦᠷᠭᠡᠵᠤ᠂ ᠠᠵᠤ ᠠᠬᠤᠶᠢᠯᠠᠯ ᠥᠪᠡᠷ ᠢᠶᠠᠨ ᠪᠠᠶᠢᠴᠠᠭᠠᠨ | ᠦᠵᠡᠭᠡᠷᠡᠢ᠃ | ᠣᠨᠴᠠᠭᠠᠶᠢᠯᠠᠨ ᠵᠠᠷᠯᠠᠪᠠ | | ᠳᠠᠭᠠᠯᠳᠤᠭᠤᠯᠤᠯ᠄ | 1. ᠬᠤᠷᠢᠨ ᠳᠣᠯᠣᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠨᠡᠷᠡᠰ ᠢ ᠬᠢᠨᠠᠨ ᠪᠠᠶᠢᠴᠠᠭᠠᠬᠤ | 2. ᠬᠤᠷᠢᠨ ᠳᠣᠯᠣᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ | ᠨᠡᠷᠡᠰ ᠢ ᠬᠢᠨᠠᠨ ᠪᠠᠶᠢᠴᠠᠭᠠᠬᠤ | | | 2023 ᠣᠨ ᠤ 8 ᠳ᠋ᠤᠭᠠᠷ ᠰᠠᠷ᠎ᠠ ᠶᠢᠨ 11 ᠤ ᠡᠳᠦᠷ | | |