ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ | ᠬᠤᠶᠠᠳᠤᠭᠠᠷ ᠪᠦᠬᠦᠳᠡ ᠬᠤᠷᠠᠯ ᠢ ᠡᠷᠬᠢᠯᠡᠨ ᠬᠤᠷᠠᠯᠳᠤᠭᠤᠯᠵᠤ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ ᠴᠢᠨᠠᠷ ᠰᠠᠶᠢᠲᠠᠢ ᠬᠥᠭᠵᠢᠯᠲᠡ ᠶᠢ | ᠭᠤᠶᠢᠪᠢᠰᠢ ᠦᠭᠡᠢ ᠠᠬᠢᠭᠤᠯᠬᠤ ᠬᠡᠷᠡᠭᠲᠡᠢ | ᠵᠠᠰᠠᠭ ᠵᠠᠬᠢᠷᠭᠠᠨ ᠤ ᠦᠷ᠎ᠡ ᠴᠢᠳᠠᠮᠵᠢ ᠶᠢ ᠶᠡᠭᠡ ᠪᠠᠷ | ᠳᠡᠭᠡᠭᠰᠢᠯᠡᠭᠦᠯᠵᠦ ᠡᠯ᠎ᠡ ᠵᠦᠢᠯ ᠤᠨ ᠡᠭᠦᠷᠭᠡ ᠶᠢ | ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ | ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ | | | ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ | ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 8 | ᠳ᠋ᠤᠭᠠᠷ ᠰᠠᠷ᠎ᠠ ᠶᠢᠨ 16 ᠤ ᠡᠳᠦᠷ ᠲᠥᠷᠥ ᠶᠢᠨ ᠶᠠᠪᠤᠳᠠᠯ ᠤᠨ | ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠢ ᠡᠷᠬᠢᠯᠡᠨ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠣᠨ ᠠᠵᠤ ᠠᠬᠤᠢ ᠶᠢᠨ | ᠠᠵᠢᠯ ᠤᠨ ᠲᠤᠬᠠᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠳᠠᠷᠠᠭᠠᠴᠢ ᠶᠢᠨ | ᠠᠯᠬᠤᠮ ᠤᠨ ᠠᠵᠢᠯ ᠢᠶᠠᠨ ᠰᠠᠶᠢᠲᠤᠷ ᠬᠢᠬᠦ ᠲᠤᠬᠠᠢ ᠲᠠᠬᠢᠨ | ᠪᠠᠶᠢᠷᠢᠯᠠᠭᠤᠯᠵᠤ᠂ ᠲᠠᠬᠢᠨ ᠠᠬᠢᠭᠤᠯᠵᠤ᠂ ᠪᠦᠬᠦ | ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨ | ᠬᠦ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠪᠠ᠃ | ᠯᠢ ᠴᠢᠶᠠᠩ᠂ ᠵᠢᠯ ᠡᠬᠢᠯᠡᠭᠰᠡᠨ ᠠᠴᠠ ᠨᠠᠭᠠᠰᠢ᠂ ᠰᠢ ᠶᠢᠨ ᠫᠢᠩ | ᠨᠥᠬᠦᠷ ᠢᠶᠠᠷ ᠭᠤᠣᠯᠯᠠᠭᠰᠠᠨ ᠨᠠᠮ ᠤᠨ ᠲᠥᠪ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ᠂ | ᠮᠠᠨ ᠤ ᠤᠯᠤᠰ ᠤᠨ ᠠᠵᠤ ᠠᠬᠤᠢ ᠶᠢᠨ | ᠠᠵᠢᠯᠯᠠᠭᠠᠨ ᠶᠡᠷᠦᠩᠬᠡᠢ ᠳᠤ ᠪᠠᠨ ᠰᠠᠶᠢᠵᠢᠷᠠᠵᠤ᠂ ᠪᠦᠬᠦ | ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠰᠠᠶᠢᠨ | ᠰᠠᠭᠤᠷᠢ ᠲᠠᠯᠪᠢᠵᠠᠢ᠃ ᠪᠢᠳᠡ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ | ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠯᠤᠭ᠎ᠠ ᠦᠨᠡᠨ | ᠬᠦ ᠨᠢᠭᠡᠳᠬᠡᠵᠦ᠂ ᠲᠣᠭᠲᠠᠭᠤᠨ ᠤ ᠳᠤᠮᠳᠠ ᠤᠷᠤᠭᠰᠢᠯᠠᠭᠤᠯᠬᠤ | ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠢᠲᠡᠭᠡᠯ | ᠵᠣᠷᠢᠭ ᠢᠶᠠᠨ ᠪᠠᠲᠤᠳᠬᠠᠵᠤ᠂ ᠲᠣᠭᠲᠠᠯ ᠬᠦᠴᠦᠨ ᠢᠶᠠᠨ | ᠪᠠᠲᠤᠯᠠᠵᠤ᠂ ᠬᠦᠴᠦᠯᠡᠨ ᠴᠢᠷᠮᠠᠶᠢᠵᠤ᠂ ᠬᠤᠷᠸ᠎ᠠ | ᠲᠣᠬᠢᠷᠠᠭᠤᠯᠭ᠎ᠠ ᠡᠵᠡᠮᠳᠡᠯ ᠢ ᠤᠨᠢᠨ ᠳᠡᠭᠡᠷ᠎ᠡ ᠨᠢ | ᠡᠷᠴᠢᠮᠲᠡᠢ ᠬᠡᠷᠡᠭᠵᠢᠭᠦᠯᠵᠦ᠂ ᠡᠯ᠎ᠡ ᠲᠦᠷᠦᠯ ᠤᠨ ᠲᠦᠷᠦ ᠶᠢᠨ | ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ | ᠴᠢᠩᠭᠠᠳᠬᠠᠵᠤ᠂ ᠬᠦᠴᠢᠷ ᠢ ᠲᠤᠭᠤᠯᠤᠨ ᠪᠡᠷᠬᠡ ᠶᠢ | ᠳᠠᠪᠠᠭ᠋ᠤ ᠳᠤ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ | ᠰᠠᠶᠢᠵᠢᠷᠠᠬᠤ᠂ ᠳᠣᠲᠣᠭᠠᠳᠤ ᠬᠥᠳᠡᠯᠭᠡᠬᠦ ᠬᠦᠴᠦᠨ ᠤ | ᠦᠷᠭᠦᠯᠵᠢᠯᠡᠨ ᠴᠢᠩᠭᠠᠷᠠᠬᠤ᠂ ᠨᠡᠶᠢᠭᠡᠮ ᠤᠨ ᠵᠢᠱᠢᠯᠲᠡ ᠶᠢᠨ | ᠦᠷᠭᠦᠯᠵᠢᠯᠡᠨ ᠰᠠᠶᠢᠵᠢᠷᠠᠬᠤ᠂ ᠠᠶᠤᠯ ᠲᠦᠭᠰᠢᠭᠦᠷᠢ ᠶᠢᠨ ᠭᠡᠮ | ᠰᠣᠭᠤᠭ ᠢ ᠦᠷᠭᠦᠯᠵᠢᠯᠡᠨ ᠠᠷᠢᠯᠭᠠᠬᠤ ᠶᠢ ᠲᠠᠰᠤᠷᠠᠯᠲᠠ ᠦᠭᠡᠢ | ᠠᠬᠢᠭᠤᠯᠵᠤ᠂ ᠦᠨᠳᠦᠰᠦ ᠪᠠᠨ ᠪᠠᠲᠤᠳᠬᠠᠵᠤ | ᠰᠠᠭᠤᠷᠢ ᠪᠠᠨ ᠪᠠᠬᠢᠵᠢᠭᠦᠯᠬᠦ ᠳᠤ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠳᠠᠪᠠᠭᠤᠯᠢᠭ ᠢ ᠲᠦᠷᠭᠡᠨ ᠪᠤᠢ | ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ | ᠯᠢ ᠴᠢᠶᠠᠩ 8 ᠳ᠋ᠤᠭᠠᠷ ᠰᠠᠷ᠎ᠠ ᠶᠢᠨ 16 ᠤ ᠡᠳᠦᠷ ᠪᠡᠭᠡᠵᠢᠩ ᠳᠤ | ᠲᠥᠷᠥ ᠶᠢᠨ ᠶᠠᠪᠤᠳᠠᠯ ᠤᠨ ᠬᠤᠷᠢᠶᠠᠨ ᠤ ᠬᠤᠶᠠᠳᠤᠭᠠᠷ ᠪᠦᠭᠦᠳᠡ | ᠬᠤᠷᠠᠯ ᠢ ᠡᠷᠬᠢᠯᠡᠨ ᠬᠤᠷᠠᠯᠳᠤᠭᠤᠯᠪᠠ ︵ᠰᠢᠨᠬᠤᠸᠠ | ᠬᠤᠷᠢᠶᠠᠨ ᠤ ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ︶ | | ᠯᠢ ᠴᠢᠶᠠᠩ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ | ᠬᠦᠴᠦᠯᠡᠨ ᠥᠷᠭᠡᠳᠬᠡᠵᠦ᠂ ᠬᠡᠷᠡᠭᠯᠡᠭᠡ ᠶᠢ ᠥᠷᠭᠡᠳᠬᠡᠬᠦ᠂ | ᠪᠡᠯᠡ ᠣᠷᠣᠭᠤᠯᠤᠯᠲᠠ ᠶᠢ ᠠᠬᠢᠭᠤᠯᠬᠤ ᠲᠦᠷᠦ ᠶᠢᠨ | ᠪᠣᠳᠣᠯᠭ᠎ᠠ ᠶᠢᠨ ᠣᠷᠣᠨ ᠵᠠᠢ ᠶᠢ ᠦᠷᠭᠦᠯᠵᠢᠯᠡᠨ ᠥᠷᠭᠡᠳᠬᠡᠵᠦ᠂ | ᠥᠷᠭᠡᠨ ᠬᠡᠮᠵᠢᠶᠡᠨ ᠤ ᠬᠡᠷᠡᠭᠯᠡᠭᠡ ᠶᠢ ᠬᠥᠭᠵᠢᠭᠡᠵᠦ᠂ | ᠠᠷᠠᠳ ᠤᠨ ᠪᠡᠯᠡ ᠣᠷᠣᠭᠤᠯᠤᠯᠲᠠ ᠶᠢᠨ ᠢᠳᠡᠪᠬᠢᠵᠢᠯ ᠢ | ᠲᠠᠶᠢᠴᠢᠯᠠᠵᠤ᠂ ᠴᠢᠬᠤᠯᠠ ᠶᠡᠭᠡ ᠲᠦᠷᠦᠯ ᠵᠦᠢᠯ ᠤᠨ ᠡᠮᠦᠨᠡᠬᠢ | ᠬᠤᠭᠤᠴᠠᠭᠠᠨ ᠤ ᠰᠤᠳᠤᠯᠭᠠᠨ ᠪᠠ ᠨᠥᠭᠡᠴᠡᠯᠡᠯᠲᠡ ᠶᠢ | ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ | ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ | ᠬᠦᠴᠦᠯᠡᠨ ᠪᠠᠶᠢᠭᠤᠯᠵᠤ᠂ ᠰᠢᠨ᠎ᠡ ᠮᠡᠷᠭᠡᠵᠢᠯ ᠰᠢᠨ᠎ᠡ | ᠡᠵᠡᠩᠨᠡᠯᠲᠡ ᠶᠢᠨ ᠬᠡᠯᠪᠡᠷᠢ ᠪᠠᠷ ᠤᠯᠠᠮᠵᠢᠯᠠᠯᠲᠤ ᠠᠵᠤ | ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠶᠢ | ᠲᠦᠷᠭᠡᠳᠬᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠮᠠᠨᠳᠤᠭᠰᠠᠨ ᠠᠵᠤ ᠦᠢᠯᠡᠰ ᠤᠨ | ᠪᠦᠯᠦᠭᠵᠢᠯ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ | ᠦᠢᠯᠡᠳᠬᠡᠯ ᠤᠨ ᠦᠢᠯᠡᠰ ᠢ ᠲᠣᠭᠠᠵᠢᠭᠤᠯᠤᠭᠰᠠᠨ ᠬᠡᠯᠪᠡᠷᠢ | ᠲᠡᠶᠢᠰᠢ | ᠬᠤᠪᠢᠷᠠᠭᠤᠯᠬᠤ ᠠᠯᠬᠤᠴᠠ ᠶᠢ ᠪᠦᠬᠦ ᠲᠠᠯ᠎ᠠ ᠪᠠᠷ | ᠲᠦᠷᠭᠡᠳᠬᠡᠬᠦ ᠬᠡᠷᠡᠭᠲᠡᠢ᠃ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠬᠦ ᠳᠤ | ᠬᠦᠴᠦᠯᠡᠵᠦ᠂ ᠰᠢᠨ᠎ᠡ ᠡᠭᠡᠯᠵᠢ ᠶᠢᠨ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠪᠰᠢᠭᠦᠯᠬᠦ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ | ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠭᠠᠳᠠᠭᠠᠳᠤ | ᠠᠷᠠᠯᠵᠢᠶᠠᠨ ᠤ | ᠬᠡᠪᠴᠢᠶ᠎ᠡ ᠶᠢ ᠲᠣᠭᠲᠠᠪᠤᠷᠢᠵᠢᠭᠤᠯᠵᠤ ᠪᠦᠲᠦᠴᠡ ᠶᠢ | ᠰᠢᠯᠢᠳᠡᠭᠵᠢᠭᠦᠯᠬᠦ ᠶᠢ ᠠᠬᠢᠭᠤᠯᠵᠤ᠂ ᠨᠡᠩ ᠶᠡᠭᠡ | ᠡᠷᠴᠢᠮ ᠢᠶᠠᠷ ᠭᠠᠳᠠᠭᠠᠳᠤ ᠪᠡᠯᠡ ᠶᠢ ᠲᠠᠲᠠᠨ ᠠᠰᠢᠭᠯᠠᠬᠤ | ᠬᠡᠷᠡᠭᠲᠡᠢ᠃ ᠣᠷᠣᠨ ᠪᠦᠰᠡ ᠬᠤᠳᠠ ᠬᠥᠳᠡᠭᠡ ᠶᠢᠨ ᠵᠣᠬᠢᠴᠠᠩᠭᠤᠢ | ᠬᠥᠭᠵᠢᠯᠲᠡ ᠶᠢ ᠬᠦᠴᠦᠯᠡᠨ ᠠᠬᠢᠭᠤᠯᠵᠤ᠂ ᠭᠤᠣᠯ ᠴᠣᠭᠴᠠ ᠶᠢᠨ | ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ | ᠬᠤᠳᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠪᠣᠯᠣᠨ | ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠬᠡᠷᠡᠭᠲᠡᠢ᠃ ᠬᠦᠨᠳᠦ ᠶᠡᠭᠡ ᠠᠶᠤᠯ | ᠲᠦᠭᠰᠢᠭᠦᠷᠢ ᠶᠢ ᠬᠦᠴᠦᠯᠡᠨ ᠰᠡᠷᠭᠡᠶᠢᠯᠡᠵᠦ ᠠᠷᠢᠯᠭᠠᠨ᠂ | ᠬᠦᠴᠦᠲᠡᠢ᠂ ᠳᠢᠭᠯᠢᠮ ᠲᠠᠢ᠂ ᠪᠦᠲᠦᠮᠵᠢᠲᠡᠢ ᠪᠠᠷ | ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ | ᠪᠣᠳᠠᠲᠠᠢ ᠠᠷᠢᠯᠭᠠᠬᠤ ᠶᠢ ᠠᠬᠢᠭᠤᠯᠬᠤ ᠬᠡᠷᠡᠭᠲᠡᠢ᠃ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠵᠤ ᠳᠤ ᠬᠦᠴᠦᠯᠡᠵᠦ᠂ | ᠬᠦᠴᠢᠷᠳᠡᠯᠲᠡᠢ ᠤᠯᠠᠨ ᠲᠦᠮᠡᠨ ᠢ ᠨᠡᠶᠢᠭᠡᠮ ᠤᠨ ᠠᠪᠤᠷᠠᠨ | ᠲᠤᠰᠠᠯᠠᠯᠲᠠ ᠪᠠᠷ ᠳᠠᠭᠠᠭᠠᠨ ᠪᠠᠲᠤᠯᠠᠬᠤ ᠪᠠᠲᠤᠯᠠᠭ᠎ᠠ ᠶᠢᠨ | ᠡᠷᠴᠢᠮ ᠢ | ᠴᠢᠩᠭᠠᠷᠠᠭᠤᠯᠵᠤ᠂ ᠤᠯᠠᠨ ᠠᠷᠭ᠎ᠠ ᠪᠠᠷ ᠠᠵᠢᠯ ᠣᠯᠭᠤᠵᠤ | ᠣᠷᠣᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠬᠤ | ᠬᠡᠷᠡᠭᠲᠡᠢ᠃ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ᠂ | ᠭᠠᠮᠰᠢᠭ ᠠᠴᠠ ᠠᠪᠤᠷᠠᠬᠤ ᠪᠠ ᠠᠶᠤᠯ ᠦᠭᠡᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢ ᠬᠦᠴᠦᠯᠡᠨ ᠴᠢᠩᠭᠠᠳᠬᠠᠵᠤ᠂ | ᠭᠠᠮᠰᠢᠭ ᠤᠨ ᠳᠠᠷᠠᠭᠠᠬᠢ ᠰᠡᠷᠭᠦᠭᠡᠯᠲᠡ ᠶᠢ ᠦᠨᠡᠨ ᠬᠦ | ᠰᠠᠶᠢᠲᠤᠷ ᠬᠢᠵᠦ᠂ ᠠᠶᠤᠯ ᠦᠭᠡᠢ ᠦᠢᠯᠡᠳᠪᠦᠷᠢᠯᠡᠯ ᠤᠨ ᠠᠶᠤᠯ | ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠠᠷᠠᠳ | ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠯᠢ ᠴᠢᠶᠠᠩ᠂ ᠵᠠᠰᠠᠭ ᠵᠠᠬᠢᠷᠭᠠᠨ ᠤ ᠦᠷ᠎ᠡ ᠴᠢᠳᠠᠮᠵᠢ ᠶᠢ | ᠶᠡᠭᠡ ᠪᠠᠷ ᠳᠡᠭᠡᠭᠰᠢᠯᠡᠭᠦᠯᠵᠦ᠂ ᠡᠯ᠎ᠡ ᠵᠦᠢᠯ ᠤᠨ | ᠡᠭᠦᠷᠭᠡ ᠶᠢ ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ | ᠬᠠᠩᠭᠠᠬᠤ ᠬᠡᠷᠡᠭᠲᠡᠢ᠃ ᠲᠦᠷᠦ ᠶᠢᠨ | ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠤᠳ ᠪᠦᠬᠦ | ᠲᠠᠯ᠎ᠠ ᠶᠢᠨ ᠦᠵᠡᠯᠲᠡ ᠪᠠᠨ ᠴᠢᠩᠭᠠᠳᠬᠠᠵᠤ᠂ ︽ᠤᠯᠤᠰ ᠤᠨ ᠶᠡᠭᠡ | ᠶᠠᠪᠤᠳᠠᠯ︾ ᠢ ᠰᠡᠳᠬᠢᠯ ᠳᠤ ᠪᠠᠨ ᠪᠤᠳᠤᠵᠤ᠂ ᠠᠵᠢᠯ ᠤᠨ | ᠭᠠᠷᠳᠠᠴᠠ ᠶᠢ ᠣᠨᠣᠪᠴᠢᠲᠠᠢ ᠣᠯᠵᠤ᠂ ᠠᠵᠢᠯ ᠤᠨ ᠰᠢᠨ᠎ᠡ | ᠪᠠᠶᠢᠳᠠᠯ ᠢ ᠪᠤᠢ ᠪᠣᠯᠭᠠᠬᠤ ᠬᠡᠷᠡᠭᠲᠡᠢ᠃ | ᠰᠠᠨᠠᠭᠠᠴᠢᠯᠠᠭ᠎ᠠ ᠠᠴᠠ ᠪᠠᠨ | ᠤᠷᠢᠳᠴᠢᠯᠠᠨ ᠬᠢᠵᠦ᠂ ᠵᠣᠬᠢᠴᠠᠯᠳᠤᠭᠤᠯᠤᠨ ᠬᠠᠮᠵᠢᠯᠴᠠᠬᠤ ᠪᠠᠨ | ᠴᠢᠩᠭᠠᠳᠬᠠᠵᠤ᠂ ︽ᠥᠨᠳᠥᠷ ᠪᠦᠲᠦᠮᠵᠢᠲᠡᠢ ᠪᠠᠷ ᠨᠢᠭᠡ | ᠶᠠᠪᠤᠳᠠᠯ ᠢ ᠪᠦᠲᠦᠭᠡᠬᠦ︾ ᠶᠢᠨ ᠲᠣᠭᠤᠷᠢᠨ ᠳᠤ ᠬᠦᠴᠦ ᠪᠠᠨ | ᠬᠠᠮᠲᠤᠳᠬᠠᠨ ᠰᠢᠪᠲᠤᠯᠵᠤ᠂ ᠤᠯᠠᠨ ᠲᠦᠮᠡᠨ ᠪᠣᠯᠣᠨ ᠠᠵᠤ | ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠢ ᠲᠠᠰᠤᠷᠠᠯᠳᠡ | ᠦᠭᠡᠢ ᠨᠡᠮᠡᠭᠳᠡᠭᠦᠯᠬᠦ ᠬᠡᠷᠡᠭᠲᠡᠢ᠃ ᠬᠡᠪᠰᠢᠮᠡᠯ | ᠰᠡᠳᠬᠢᠬᠦᠢ ᠪᠠᠨ ᠲᠠᠶᠠᠭᠳᠠᠵᠤ᠂ ᠠᠯᠢᠪᠠ ᠪᠦᠬᠦᠨ ᠳᠤ | ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠠᠵᠢᠯ ᠤᠨ | ᠴᠤᠪᠤᠷᠠᠯ ᠪᠣᠯᠣᠨ ᠠᠬᠢᠭᠤᠯᠬᠤ ᠠᠷᠭ᠎ᠠ ᠪᠠᠨ ᠲᠠᠰᠤᠷᠠᠯᠲᠠ ᠦᠭᠡᠢ | ᠰᠢᠯᠢᠳᠡᠭᠵᠢᠭᠦᠯᠬᠦ ᠬᠡᠷᠡᠭᠲᠡᠢ᠃ ᠡᠭᠦᠷᠭᠡ | ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠵᠦ᠂ ᠬᠢᠨᠠᠨ | ᠬᠠᠮᠢᠶᠠᠷᠬᠤ ᠪᠠ ᠦᠢᠯᠡᠴᠢᠯᠡᠬᠦ᠂ ᠠᠮᠤᠷ ᠲᠦᠪᠰᠢᠨ ᠢ ᠪᠠᠲᠤᠯᠠᠬᠤ | ᠪᠠ ᠬᠥᠭᠵᠢᠯᠲᠡ ᠶᠢ ᠠᠬᠢᠭᠤᠯᠬᠤ ᠶᠢ ᠣᠷᠭᠠᠨᠢᠭ ᠢᠶᠠᠷ | ᠤᠶᠠᠯᠳᠤᠭᠤᠯᠵᠤ᠂ ᠬᠥᠭᠵᠢᠯᠲᠡ ᠶᠢᠨ ᠲᠥᠯᠥᠭᠡ ᠢᠯᠡᠭᠦᠬᠡᠨ | ᠠᠷᠭ᠎ᠠ ᠰᠦᠪᠡᠭᠴᠢᠯᠡᠵᠦ᠂ ᠠᠵᠤ ᠠᠬᠤᠶᠢᠯᠠᠯ ᠳᠤ ᠢᠯᠡᠭᠦᠬᠡᠨ | ᠬᠦᠴᠦᠨ ᠴᠢᠳᠠᠯ ᠢᠶᠠᠨ ᠡᠷᠭᠦᠵᠦ᠂ ᠪᠦᠬᠦ ᠨᠡᠶᠢᠭᠡᠮ ᠳᠤ ᠠᠵᠢᠯ | ᠬᠢᠵᠦ ᠦᠢᠯᠡᠰ ᠪᠣᠰᠬᠠᠬᠤ᠂ ᠬᠥᠭᠵᠢᠯᠲᠡ ᠶᠢ | ᠬᠠᠮᠲᠤ ᠪᠠᠷ ᠠᠬᠢᠭᠤᠯᠬᠤ ᠥᠳᠬᠡᠨ ᠠᠭᠤᠷ ᠠᠮᠢᠰᠬᠤᠯ ᠢ ᠪᠤᠢ | ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠪᠦᠭᠦᠳᠡ ᠬᠤᠷᠠᠯ ᠤᠨ | ᠭᠡᠰᠢᠭᠦᠳ ᠬᠤᠷᠠᠯ ᠳᠤ ᠣᠷᠣᠯᠴᠠᠵᠤ᠂ ᠲᠦᠷᠦ ᠶᠢᠨ ᠶᠠᠪᠤᠳᠠᠯ ᠤᠨ | ᠬᠤᠷᠢᠶᠠᠨ ᠤ ᠪᠤᠰᠤᠳ ᠰᠠᠯᠠᠭ᠎ᠠ ᠮᠥᠴᠢᠷ᠂ ᠨᠢᠭᠡᠴᠢ ᠶᠢᠨ | ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃ ᠡᠯ᠎ᠡ | ᠮᠤᠵᠢ ︵ᠣᠷᠣᠨ᠂ ᠬᠤᠲᠠ︶ ᠶᠢᠨ ᠵᠠᠰᠠᠭ ᠤᠨ ᠣᠷᠳᠣᠨ ᠪᠣᠯᠣᠨ | ᠰᠢᠨᠵᠢᠶᠠᠩ ᠤᠨ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠭᠤᠣᠯ | ᠬᠠᠷᠢᠭᠤᠴᠠᠯᠭᠠᠲᠠᠨ ᠸᠢᠳᠢᠣ᠋ ᠪᠠᠷ ᠲᠤᠬᠠᠢ ᠶᠢᠨ | ᠭᠠᠵᠠᠷ ᠲᠤ ᠪᠠᠨ ᠬᠤᠷᠠᠯ ᠳᠤ ᠰᠤᠯᠠ ᠣᠷᠣᠯᠴᠠᠪᠠ᠃ | |