2023 ᠣᠨ ᠤ ᠭᠤᠴᠢᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠡᠶᠢᠳᠡᠯᠡᠯ
ᠨᠡᠶᠢᠲᠡᠯᠡᠭᠰᠡᠨ ᠴᠠᠭ᠄
2023/8/25
    2023 ᠣᠨ ᠤ ᠭᠤᠴᠢᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠡᠶᠢᠳᠡᠯᠡᠯ     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠤᠯᠪᠣᠭᠳᠠᠯ ᠪᠥᠬᠦᠶ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠮᠠᠨ ᠤ ᠲᠢᠩᠬᠢᠮ ᠠᠴᠠ 2023 ᠣᠨ ᠤ ᠭᠤᠴᠢᠳᠤᠭᠠᠷ ᠪᠦᠯᠦᠭ ᠬᠢᠨᠠᠨ ᠵᠥᠪᠰᠢᠶᠡᠷᠡᠬᠦ ᠵᠦᠢᠯᠡᠰ ᠤᠨ ᠮᠡᠳᠡᠭᠦᠯᠬᠦ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠵᠦ᠂ ᠣᠲᠣ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ 4 ᠠᠵᠤ ᠠᠬᠤᠶᠢᠯᠠᠯ᠂ ᠪᠠᠷᠢᠯᠭ᠎ᠠ ᠶᠢᠨ ᠦᠢᠯᠡᠰ ᠤᠨ 5 ᠠᠵᠤ ᠠᠬᠤᠶᠢᠯᠠᠯ᠂ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠨᠠᠨ ᠬᠠᠮᠢᠶᠠᠷᠬᠤ 1 ᠠᠵᠤ ᠠᠬᠤᠶᠢᠯᠠᠯ᠂ 71 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠪᠡ ︵ᠳᠠᠭᠠᠯᠳᠤᠭᠤᠯᠤᠯ ᠳᠤ ᠦᠵᠡ︶᠃ ᠬᠢᠨᠠᠨ ᠪᠠᠶᠢᠴᠠᠭᠠᠭᠰᠠᠨ ᠰᠠᠨᠠᠯ ᠢ ᠨᠡᠶᠢᠲᠡᠯᠡᠬᠦ ᠬᠤᠭᠤᠴᠠᠭ᠎ᠠ ᠨᠢ 2023 ᠣᠨ ᠤ 8 ᠳ᠋ᠤᠭᠠᠷ ᠰᠠᠷ᠎ᠠ ᠶᠢᠨ 31 ᠤ ᠡᠳᠦᠷ ᠤᠨ 17 ᠴᠠᠭ 30 ᠮᠢᠨᠦ᠋ᠲ ᠪᠣᠯᠲᠠᠯ᠎ᠠ᠂ ᠨᠡᠶᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠠᠶᠢᠪᠠᠯ᠂ ᠵᠥᠪᠳᠡᠭᠡᠨ ᠲᠣᠳᠣᠷᠬᠠᠶᠢᠯᠠᠬᠤ ᠪᠠᠷ ᠳᠤᠷᠠᠳᠴᠤ ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠳᠤ ᠪᠠᠲᠤᠯᠠᠭᠳᠠᠭᠰᠠᠨ ᠥᠬᠡᠶ ᠠᠵᠤ ᠠᠬᠤᠶᠢᠯᠠᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠠᠴᠠ ᠪᠣᠳᠠᠲᠠᠶ ᠰᠠᠨᠠᠯ ᠢ ᠪᠠᠶᠢᠴᠠᠭᠠᠨ ᠦᠵᠡᠵᠦ ᠪᠣᠯᠤᠨ᠎ᠠ᠃    ᠶᠠᠮᠠᠷᠪᠠ ᠬᠤᠯᠪᠣᠭᠳᠠᠯ ᠪᠥᠬᠦᠶ ᠨᠢᠭᠡᠴᠢ ᠵᠢᠴᠢ ᠬᠤᠪᠢ ᠬᠥᠮᠦᠨ᠂ ᠬᠡᠷᠪᠡ ᠠᠵᠤ ᠠᠬᠤᠶᠢᠯᠠᠯ ᠤᠨ ᠮᠡᠳᠡᠭᠦᠯᠦᠭᠰᠡᠨ ᠬᠢᠷᠢ ᠬᠡᠮ ᠤᠨ ᠪᠠᠶᠢᠳᠠᠯ ᠳᠤ ᠣᠨᠳᠣᠤ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠨᠢᠭᠡᠴᠢ ᠠᠴᠠ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠳᠠᠷᠤᠬᠤ ᠴᠢᠬᠤᠯᠠᠲᠠᠶ᠂ ᠬᠤᠪᠢ ᠬᠥᠮᠦᠨ ᠠᠴᠠ ᠪᠠᠶᠢᠳᠠᠯ ᠢᠶᠠᠨ ᠲᠤᠰᠬᠠᠬᠤ ᠳᠤ ᠵᠢᠩᠬᠢᠨᠢ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠤ ᠳ᠋ᠤᠭᠠᠷ ᠢᠶᠠᠨ ᠦᠯᠡᠳᠡᠭᠡᠬᠦ ᠬᠡᠷᠡᠭᠲᠡᠶ᠃ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ ᠰᠢᠦᠳᠠᠨ ᠢᠶᠠᠷ ᠢᠯᠡᠭᠡᠬᠦ ᠠᠵᠤ ᠠᠬᠤᠶᠢᠯᠠᠯ ᠪᠤᠶᠤ ᠬᠤᠪᠢ ᠬᠥᠮᠦᠨ ᠡᠷᠬᠡᠪᠰᠢ ᠬᠠᠷᠢᠯᠴᠠᠬᠤ ᠠᠷᠭ᠎ᠠ ᠬᠡᠯᠪᠡᠷᠢ ᠪᠠᠨ ᠦᠯᠡᠳᠡᠭᠡᠵᠦ᠂ ᠬᠡᠷᠡᠭᠴᠡᠭᠡ ᠳᠤ ᠪᠠᠨ ᠪᠡᠯᠡᠳᠬᠡᠬᠦ ᠬᠡᠷᠡᠭᠲᠡᠶ᠃    ᠬᠠᠷᠢᠯᠴᠠᠬᠤ ᠤᠲᠠᠰᠤ᠄ 0471-6945165    ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠲᠣᠭᠠᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 13 ᠳ᠋ᠤᠭᠠᠷ ᠳᠠᠪᠬᠤᠷᠯᠢᠭ ᠤᠨ ᠶᠡᠷᠦᠩᠬᠡᠶᠢᠯᠡᠭᠰᠡᠨ ᠴᠣᠩᠬᠤᠪᠴᠢ    ᠳᠠᠭᠠᠯᠳᠤᠭᠤᠯᠤᠯ᠄     1.ᠭᠤᠴᠢᠳᠤᠭᠠᠷ ᠪᠦᠯᠦᠭ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ    2. ᠭᠤᠴᠢᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    3.ᠭᠤᠴᠢᠳᠤᠭᠠᠷ ᠪᠦᠯᠦᠭ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠭᠡᠮ ᠢ ᠬᠢᠨᠠᠨ ᠪᠠᠶᠢᠴᠠᠭᠠᠭᠰᠠᠨ ᠰᠠᠨᠠᠯ    4. ᠭᠤᠴᠢᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ 

                            2023 ᠣᠨ ᠤ 8 ᠳ᠋ᠤᠭᠠᠷ ᠰᠠᠷ᠎ᠠ ᠶᠢᠨ 25 ᠤ ᠡᠳᠦᠷ

 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ