ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠥᠪᠡᠷᠲᠡᠭᠡᠨ | ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ | ᠠᠯᠪᠠᠨ ᠬᠡᠷ ᠲᠠᠢ ᠬᠠᠮᠲᠤᠷᠠᠨ ︽ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠬᠠᠮᠲᠤᠷᠠᠨ ᠰᠢᠯᠭᠠᠨ ᠠᠪᠬᠤ ᠶᠢᠨ ᠵᠢᠯᠣᠭᠤᠳᠬᠤ ᠰᠠᠨᠠᠯ︾ ︵ᠥᠪᠥᠷ ᠪᠥᠲᠥᠭᠡᠨ | ᠪᠠᠶᠢᠭᠤᠯᠤᠯᠲᠠ ﹇2020﹈ 140 ᠳ᠋ᠦ᠋ᠭᠡᠷ ᠲᠣᠭᠠᠲᠤ᠂ ᠳᠣᠷᠣᠭᠰᠢ ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ | ᠨᠡᠶᠢᠳᠡ ᠳᠤ ᠲᠦᠭᠦᠮ ᠦᠵᠡᠭᠦᠯᠬᠦ ᠶᠢᠨ ᠲᠦᠯᠦᠭᠡ ᠵᠠᠷᠯᠠᠪᠠ᠃ | ︽ᠵᠢᠯᠣᠭᠤᠳᠬᠤ ᠰᠠᠨᠠᠯ︾ ᠤᠨ ᠬᠠᠮᠢᠶ᠎ᠠ ᠪᠥᠬᠦᠶ ᠠᠭᠤᠯᠭ᠎ᠠ ᠶᠢ ᠣᠯᠠᠨ ᠢᠶᠠᠷ ᠢᠶᠠᠨ ᠥᠷᠭᠡᠨ ᠢᠶᠠᠷ ᠣᠶᠢᠯᠠᠭᠠᠬᠤ ᠪᠠ ᠵᠥᠪ ᠢᠶᠠᠷ ᠣᠶᠢᠯᠠᠭᠠᠵᠤ᠂ ᠡᠯ᠎ᠡ ᠵᠦᠢᠯ ᠤᠨ | ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠠ᠄ | ᠨᠢᠭᠡ᠂ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ | ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠪᠠᠷᠢᠯᠭ᠎ᠠ ᠳᠠᠭᠤᠰᠤᠭᠰᠠᠨ ᠢ ᠬᠠᠮᠲᠤᠷᠠᠨ ᠰᠢᠯᠭᠠᠨ ᠠᠪᠬᠤ ᠶᠢ ᠬᠡᠷᠡᠭᠵᠢᠭᠦᠯᠬᠦ ᠪᠣᠯ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠪᠤᠶᠢᠵᠢᠭᠤᠯᠤᠨ ᠬᠥᠭᠵᠢᠭᠡᠵᠦ᠂ ᠬᠥᠭᠵᠢᠯᠲᠡ ᠶᠢᠨ | ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ | ᠰᠠᠭᠤᠷᠢ ᠲᠦᠬᠦᠭᠡᠷᠦᠮᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠴᠤ ᠬᠤᠯᠪᠣᠭᠠᠯᠠᠨ ᠰᠢᠯᠭᠠᠨ ᠠᠪᠬᠤ ᠶᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠤᠯᠪᠣᠭᠠᠯᠠᠨ ᠰᠢᠯᠭᠠᠨ ᠠᠪᠬᠤ ᠲᠠᠰ ᠳᠠᠷᠠᠭᠠᠯᠠᠯ ᠢ ᠵᠢᠷᠤᠮᠵᠢᠭᠤᠯᠤᠨ᠂ ᠬᠤᠯᠪᠣᠭᠠᠯᠠᠨ ᠰᠢᠯᠭᠠᠨ ᠠᠪᠬᠤ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠶᠢ ᠲᠦᠷᠭᠡᠳᠬᠡᠬᠦ ᠶᠢᠨ ᠲᠤᠰᠠᠳᠠ᠂ ᠮᠠᠨ ᠤ ᠣᠷᠣᠨ ᠤ | ᠪᠣᠳᠠᠲᠠᠶ ᠲᠠᠢ ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠠᠯᠪᠠᠨ ᠬᠡᠷ ᠵᠡᠷᠭᠡ 3 ᠰᠠᠯᠠᠭ᠎ᠠ ᠮᠥᠴᠢᠷ ᠲᠠᠢ ᠬᠠᠮᠲᠤᠷᠠᠨ ᠲᠣᠰ ︽ᠵᠢᠯᠣᠭᠤᠳᠬᠤ ᠰᠠᠨᠠᠯ︾ ᠢ ᠰᠤᠳᠤᠯᠤᠨ ᠳᠠᠷᠤᠮᠠᠯᠯᠠᠨ ᠲᠠᠷᠬᠠᠭᠠᠪᠠ᠃ | ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ | ︵ᠨᠢᠭᠡ︶ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠵᠢᠷᠤᠮᠯᠠᠨ ᠳᠠᠭᠠᠵᠤ ᠳᠡᠯᠭᠡᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠤᠯᠤᠰ ᠠᠯᠪᠠᠨ ᠲᠠᠷᠬᠠᠭᠠᠭᠰᠠᠨ ﹇ | 2022﹈ 35 ᠳ᠋ᠤᠭᠠᠷ ᠲᠣᠭᠠᠲᠤ︶ | ︵ᠬᠤᠶᠠᠷ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠬᠡᠷᠡᠭᠵᠢᠭᠦᠯᠬᠦ ᠲᠥᠰᠦᠯ︾ ︵ᠥᠪᠥᠷ ᠵᠠᠰᠠᠭ ᠲᠠᠷᠬᠠᠭᠠᠭᠰᠠᠨ ﹇ | 2020﹈ 19 ᠳ᠋ᠦ᠋ᠭᠡᠷ ᠲᠣᠭᠠᠲᠤ︶ | ︵ᠭᠤᠷᠪᠠ︶ ︽ᠥᠪᠡᠷᠲᠡᠭᠡᠨ ᠵᠠᠰᠠᠬᠤ ᠣᠷᠣᠨ ᠤ ᠨᠠᠩ ᠰᠢᠯᠢᠳᠡᠭ ᠡᠵᠡᠩᠨᠡᠯᠲᠡ ᠶᠢᠨ ᠣᠷᠴᠢᠨ ᠲᠣᠭᠤᠷᠢᠨ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ | ᠦᠢᠯᠡᠴᠢᠯᠡᠬᠦᠯᠬᠦ ᠠᠵᠢᠯᠯᠠᠭᠠᠨ ᠤ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2020﹈ 4 ᠳ᠋ᠤᠭᠡᠷ ᠲᠣᠭᠠᠲᠤ︶ | ᠭᠤᠷᠪᠠ᠂ ᠶᠡᠷᠦᠩᠬᠡᠶ ᠱᠠᠭᠠᠷᠳᠠᠯᠭ᠎ᠠ ᠵᠢᠴᠢ ᠠᠵᠢᠯ ᠤᠨ ᠬᠠᠷᠠᠯᠲᠠ | ︽ᠵᠢᠯᠣᠭᠤᠳᠬᠤ ᠰᠠᠨᠠᠯ︾ ᠳᠤ ᠬᠠᠮᠲᠤᠷᠠᠨ ᠰᠢᠯᠭᠠᠨ ᠠᠪᠬᠤ ᠵᠦᠢᠯᠡᠰ ᠲᠤ ᠶᠡᠷᠦᠩᠬᠡᠶ ᠴᠢᠨᠠᠷᠲᠠᠶ᠂ ᠵᠠᠷᠴᠢᠮ ᠤᠨ ᠴᠢᠨᠠᠷᠲᠠᠶ ᠱᠠᠭᠠᠷᠳᠠᠯᠭ᠎ᠠ ᠳᠤᠷᠠᠳᠬᠤ ᠶᠢᠨ | ᠬᠠᠮᠲᠤ ᠪᠥᠬᠦ ᠣᠷᠣᠨ ᠤ 2023 ᠣᠨ ᠤ ᠣᠨ ᠤ ᠡᠴᠦᠰ ᠠᠴᠠ ᠡᠮᠦᠨ᠎ᠡ ᠬᠠᠮᠲᠤᠷᠠᠨ ᠰᠢᠯᠭᠠᠨ ᠠᠪᠬᠤ ᠲᠥᠷᠥᠯ ᠵᠦᠢᠯ ᠤᠨ ᠡᠵᠡᠯᠡᠬᠦ ᠬᠠᠷᠢᠴᠠᠯ ᠢ 60% ᠠᠴᠠ | ᠳᠡᠭᠡᠭᠰᠢ ᠳᠤ ᠬᠦᠷᠭᠡᠬᠦ ᠠᠵᠢᠯ ᠤᠨ ᠬᠠᠷᠠᠯᠲᠠ ᠶᠢ ᠳᠤᠷᠠᠳᠤᠨ ᠭᠠᠷᠭᠠᠪᠠ᠃ | ᠳᠥᠷᠪᠡ᠂ ᠬᠡᠷᠡᠭᠵᠢᠬᠦᠯᠬᠦ ᠬᠡᠪᠴᠢᠶ᠎ᠡ | ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ | ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ ᠢᠨᠵᠧᠨᠧᠷᠢᠩ ᠤᠨ ᠬᠠᠮᠲᠤᠷᠠᠨ ᠰᠢᠯᠭᠠᠨ ᠠᠪᠬᠤ ᠪᠠᠷ ᠭᠤᠶᠤᠴᠢᠯᠠᠬᠤ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠃ ᠬᠤᠲᠠ ᠪᠠᠯᠭᠠᠰᠤ ᠶᠢᠨ ᠬᠠᠭᠤᠴᠢᠨ ᠪᠠ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ | ᠲᠥᠷᠥᠯ ᠵᠦᠢᠯ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠵᠢᠵᠢᠭ ᠬᠡᠯᠪᠡᠷᠢ ᠶᠢᠨ ᠪᠠ ᠲᠦᠭᠰᠢᠭᠦᠷᠢ ᠪᠠᠭᠠᠲᠠᠶ ᠲᠥᠷᠥᠯ ᠵᠦᠢᠯ ᠵᠡᠷᠭᠡ ᠬᠤᠪᠢᠶᠠᠷᠢᠯᠠᠯᠲᠠ ᠶᠢᠨ | ᠢᠨᠵᠧᠨᠧᠷᠢᠩ ᠤᠨ ᠲᠥᠷᠥᠯ ᠵᠦᠢᠯ ᠳᠤ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠢᠶᠠᠷ ᠬᠡᠷᠡᠭᠵᠢᠭᠦᠯᠦᠨ᠎ᠡ᠃ ᠨᠥᠬᠦᠴᠡᠯ ᠢ ᠬᠠᠩᠭᠠᠭᠰᠠᠨ ᠠᠵᠤ | ᠦᠢᠯᠡᠳᠪᠦᠷᠢ ᠶᠢᠨ ᠭᠡᠷ ᠪᠠᠶᠢᠰᠢᠩ᠂ ᠬᠥᠮᠥᠷᠭᠡ ᠶᠢᠨ ᠲᠥᠷᠥᠯ ᠵᠦᠢᠯ ᠤᠨ ᠨᠢᠭᠡᠴᠢ ᠢᠨᠵᠧᠨᠧᠷᠢᠩ ᠤᠨ ᠲᠤᠰᠠᠭᠠᠷ ᠪᠠᠷᠢᠯᠭ᠎ᠠ ᠳᠠᠭᠤᠰᠴᠤ ᠬᠠᠮᠲᠤᠷᠠᠨ ᠰᠢᠯᠭᠠᠨ ᠠᠪᠴᠤ | ᠪᠣᠯᠣᠨ᠎ᠠ᠃ | ᠲᠠᠪᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ︵ᠨᠢᠭᠡ︶ ᠬᠠᠮᠲᠤᠷᠠᠨ ᠰᠢᠯᠭᠠᠨ ᠠᠪᠬᠤ ᠳᠡᠰ ᠳᠠᠷᠠᠭᠠᠯᠠᠯ ᠢ ᠰᠢᠯᠢᠳᠡᠭᠵᠢᠭᠦᠯᠵᠦ᠂ ᠪᠠᠷᠢᠯᠭ᠎ᠠ ᠶᠢᠨ ᠲᠥᠷᠥᠯ ᠵᠦᠢᠯ ᠨᠢ ᠪᠠᠷᠢᠯᠭ᠎ᠠ ᠳᠠᠭᠤᠰᠤᠭᠰᠠᠨ ᠢ ᠰᠢᠯᠭᠠᠨ | ᠠᠪᠬᠤ ᠨᠥᠬᠦᠴᠡᠯ ᠢ ᠬᠠᠩᠭᠠᠵᠤ᠂ ᠪᠠᠷᠢᠯᠭ᠎ᠠ ᠪᠠᠷᠢᠭᠤᠯᠤᠭᠰᠠᠨ ᠨᠢᠭᠡᠴᠢ ᠲᠤᠰ ᠲᠥᠷᠥᠯ ᠵᠦᠢᠯ ᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ | ᠳᠠᠭᠤᠰᠤᠭᠰᠠᠨ ᠲᠥᠯᠥᠪᠵᠢᠭᠦᠯᠭᠡ ᠶᠢ ᠬᠢᠨᠠᠨ ᠰᠢᠯᠭᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠦᠯᠬᠦ ᠶᠢ ᠤᠷᠢᠳ ᠢᠶᠠᠷ ᠠᠮᠠᠯᠠᠵᠤ᠂ ᠪᠠᠷᠢᠯᠭ᠎ᠠ ᠳᠠᠭᠤᠰᠴᠤ | ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠲᠥᠷᠥᠯ ᠵᠦᠢᠯ ᠤᠨ ᠶᠣᠰᠣᠭᠠᠷ ᠠᠵᠢᠯ ᠳᠠᠭᠤᠰᠤᠭᠰᠠᠨ ᠬᠠᠮᠲᠤᠷᠠᠭᠰᠠᠨ ᠰᠢᠯᠭᠠᠨ ᠠᠪᠬᠤ ᠶᠢ ᠲᠥᠷᠥᠯ | ᠬᠤᠪᠢᠶᠠᠨ ᠮᠡᠳᠡᠭᠦᠯᠵᠦ ᠪᠣᠯᠤᠨ᠎ᠠ᠃ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠬᠢᠭᠡᠳ ᠬᠤᠯᠪᠣᠭᠠᠯᠠᠨ ᠰᠢᠯᠭᠠᠨ ᠠᠪᠬᠤ ᠵᠦᠢᠯᠡᠰ ᠤᠨ ᠬᠤᠭᠤᠷᠣᠨᠳᠣᠬᠢ ᠳᠡᠰ | ᠳᠠᠷᠠᠭᠠᠯᠠᠯ ᠤᠨ ᠬᠤᠭᠤᠷᠣᠨᠳᠣᠬᠢ ᠵᠥᠷᠢᠴᠡᠯ ᠠᠴᠠ ᠵᠠᠶᠢᠯᠠᠰᠬᠢᠨ᠎ᠡ᠃ ︵ᠬᠤᠶᠠᠷ︶ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ ᠳᠤ ᠮᠡᠳᠡᠭᠳᠡᠵᠦ ᠠᠮᠠᠯᠠᠭᠤᠯᠬᠤ ᠲᠦᠷᠢᠮ ᠤᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠳᠠᠩᠰᠠ ᠡᠪᠬᠡᠮᠡᠯ ᠢ ︽ᠰᠢᠯᠭᠠᠬᠤ ᠠᠴᠠ ᠪᠢᠰᠢ ᠲᠤᠰᠢᠶᠠᠬᠤ ᠦᠭᠡᠢ︾ ᠠᠰᠠᠭᠤᠳᠠᠯ ᠭᠠᠷᠬᠤ ᠠᠴᠠ ᠵᠠᠶᠢᠯᠠᠰᠬᠢᠬᠤ ᠬᠡᠷᠡᠭᠲᠡᠶ᠃ ︵ᠭᠤᠷᠪᠠ︶ ᠢᠨᠵᠧᠨᠧᠷᠢᠩ ᠤᠨ | ᠲᠥᠷᠥᠯ ᠵᠦᠢᠯ ᠨᠢ ᠣᠷᠴᠢᠨ ᠲᠣᠭᠤᠷᠢᠨ᠂ ᠤᠯᠠᠷᠢᠯ ᠵᠡᠷᠭᠡ ᠬᠦᠴᠦᠨ ᠵᠦᠢᠯ ᠤᠨ ᠨᠥᠯᠥᠭᠡ ᠶᠢ ᠨᠡᠯᠢᠶᠡᠳ ᠣᠷᠳᠣ ᠬᠤᠭᠤᠴᠠᠭ᠎ᠠ ᠪᠠᠷ ᠴᠡᠭᠴᠡᠯᠡᠨ ᠰᠠᠶᠢᠵᠢᠷᠠᠭᠤᠯᠬᠤ | ᠴᠢᠬᠤᠯᠠᠲᠠᠶ ᠠᠰᠠᠭᠤᠳᠠᠯ ᠣᠷᠣᠰᠢᠵᠤ ᠪᠠᠶᠢᠬᠤ ᠪᠥᠭᠡᠳ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠠᠮᠠᠯᠠᠯᠲᠠ ᠶᠢᠨ ᠲᠦᠷᠢᠮ ᠢᠶᠠᠷ ᠴᠡᠭᠴᠡᠯᠡᠨ | ᠰᠠᠶᠢᠵᠢᠷᠠᠭᠤᠯᠬᠤ ᠤᠴᠢᠷ ᠶᠠᠪᠤᠳᠠᠯ ᠢ ᠭᠦᠢᠴᠡᠳᠭᠡᠵᠦ ᠪᠣᠯᠤᠨ᠎ᠠ᠃ ︵ᠳᠥᠷᠪᠡ︶ ᠡᠯ᠎ᠡ ᠭᠠᠵᠠᠷ ᠤᠨ ᠬᠢᠨ ᠤ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ | ᠳᠠᠩᠰᠠᠯᠠᠬᠤ ᠭᠠᠷᠳᠠᠮ ᠢ ᠳᠥᠭᠦᠮᠴᠢᠯᠡᠬᠦ ᠶᠢ ᠵᠣᠷᠢᠭᠵᠢᠭᠤᠯᠬᠤ ᠶᠢᠨ ᠬᠠᠮᠲᠤ ᠪᠠᠷᠢᠯᠭ᠎ᠠ ᠳᠠᠭᠤᠰᠤᠭᠰᠠᠨ ᠢ ᠬᠠᠮᠲᠤᠷᠠᠨ ᠰᠢᠯᠭᠠᠨ ᠬᠤᠷᠢᠶᠠᠵᠤ ᠠᠪᠬᠤ ᠴᠠᠭ ᠤᠨ | ᠬᠢᠵᠠᠭᠠᠷ ᠢ ᠴᠢᠩᠭ᠎ᠠ ᠬᠢᠵᠠᠭᠠᠷᠯᠠᠬᠤ ᠬᠡᠷᠡᠭᠲᠡᠶ᠃ | ᠲᠠᠶᠢᠯᠤᠮᠵᠢ ᠬᠢᠭᠴᠢ᠄ ᠯᠦ ᠯᠢᠶᠠᠩ ᠬᠠᠷᠢᠯᠴᠠᠬᠤ ᠬᠡᠯᠪᠡᠷᠢ᠄ 0471-6681153 | |