ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠪᠡᠭᠡᠵᠢᠩ ᠤᠨ ᠵᠢᠶᠠᠨ ᠭᠦᠩ ᠪᠦᠯᠦᠭᠯᠡᠯᠳᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠶᠠᠷᠢᠯᠴᠠᠵᠤ ᠰᠠᠨᠠᠯ ᠰᠣᠯᠢᠯᠴᠠᠪᠠ
ᠨᠡᠶᠢᠲᠡᠯᠡᠭᠰᠡᠨ ᠴᠠᠭ᠄
2023/8/31
    8 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠪᠡᠭᠡᠵᠢᠩ ᠤᠨ ᠵᠢᠶᠠᠨ ᠭᠦᠩ ᠪᠦᠯᠦᠭᠯᠡᠯᠳᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ᠂ ᠪᠡᠭᠡᠵᠢᠩ ᠤᠨ ᠵᠢᠶᠠᠨ ᠭᠦᠩ ᠪᠦᠯᠦᠭᠯᠡᠯᠳᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠹᠠᠨ ᠵᠢᠶᠦ᠋ᠨ ᠶᠠᠷᠢᠯᠴᠠᠬᠤ ᠬᠤᠷᠠᠯ ᠳᠤ ᠣᠷᠣᠯᠴᠠᠪᠠ᠃
1.jpg
    ᠭᠦᠸᠧ ᠢᠦᠢ ᠹᠥ᠋ᠩ᠂ ᠹᠠᠨ ᠵᠢᠶᠦ᠋ᠨ ᠨᠠᠷ ᠢ ᠪᠠᠶᠠᠷᠯᠠᠨ ᠤᠭᠲᠤᠵᠤ᠂ ᠪᠡᠭᠡᠵᠢᠩ ᠤᠨ ᠵᠢᠶᠠᠨ ᠭᠦᠩ ᠪᠦᠯᠦᠭᠯᠡᠯᠳᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠣᠶᠢᠷ᠎ᠠ ᠶᠢᠨ ᠵᠢᠯ ᠳᠤ ᠮᠠᠨ ᠤ ᠣᠷᠣᠨ ᠤ ᠪᠠᠷᠢᠯᠭ᠎ᠠ ᠶᠢᠨ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠭᠦᠸᠧ ᠢᠦᠢ ᠹᠥ᠋ᠩ ᠂ ᠣᠳᠣᠬᠠᠨ ᠤ ᠥᠪᠥᠷ ᠮᠣᠩᠭᠤᠯ ᠳᠡᠭᠡᠳᠦ ᠳᠣᠣᠷᠠᠳᠤ ᠱᠠᠲᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ᠂ ᠡᠷᠡᠰ ᠭᠤᠶᠢᠪᠢᠰᠢ ᠦᠭᠡᠢ ᠪᠠᠷ ︽ᠲᠠᠪᠤᠨ ᠶᠡᠭᠡ ᠡᠭᠦᠷᠭᠡ︾ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠᠷ ᠭᠤᠣᠯ ᠭᠠᠷᠳᠠᠴᠠ ᠪᠣᠯᠭᠠᠵᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ᠨᠡᠮᠡᠬᠦ ᠬᠠᠰᠤᠬᠤ ᠦᠷᠡᠵᠢᠭᠦᠯᠬᠦ ᠠᠷᠢᠯᠭᠠᠬᠤ︾ ᠳᠥᠷᠪᠡᠨ ᠠᠵᠢᠯ ᠢ ᠬᠦᠴᠦᠯᠡᠨ ᠰᠠᠶᠢᠲᠤᠷ ᠬᠢᠵᠦ᠂ ᠪᠠᠷᠢᠯᠭ᠎ᠠ ᠶᠢᠨ ᠦᠢᠯᠡᠰ ᠤᠨ ᠭᠤᠷᠪᠠᠨ ᠵᠢᠯ ᠳᠤ ︽ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾ ᠶᠢ ᠦᠷᠨᠢᠭᠦᠯᠵᠦ ᠪᠠᠶᠢᠨ᠎ᠠ᠃ ᠪᠡᠭᠡᠵᠢᠩ ᠤᠨ ᠵᠢᠶᠠᠨ ᠭᠦᠩ ᠪᠦᠯᠦᠭᠯᠡᠯᠳᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠣᠳᠠᠲᠤ ᠬᠦᠴᠦᠨ ᠴᠢᠩᠭ᠎ᠠ᠂ ᠠᠵᠢᠯ ᠤᠨ ᠪᠦᠲᠦᠮᠵᠢ ᠲᠣᠪᠣᠶᠢᠮ᠎ᠠ᠂ ᠬᠥᠭᠵᠢᠯᠲᠡ ᠶᠢᠨ ᠪᠠᠶᠢᠳᠠᠯ ᠮᠠᠰᠢ ᠰᠠᠶᠢᠨ᠂ ᠪᠡᠭᠡᠵᠢᠩ ᠤᠨ ᠵᠢᠶᠠᠨ ᠭᠦᠩ ᠪᠦᠯᠦᠭᠯᠡᠯᠳᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠢᠨ ᠳᠠᠭᠠᠭᠤᠯᠤᠭᠴᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠣᠷᠣᠨ ᠳᠤ ᠪᠦᠷᠢᠨ ᠪᠡᠯᠡᠳᠦ ᠬᠤᠪᠢᠶᠠᠷᠢ ᠺᠣᠮᠫᠠᠨᠢ ᠪᠠᠶᠢᠭᠤᠯᠬᠤ᠂ ᠬᠤᠯᠢᠮᠠᠭ ᠡᠵᠡᠩᠨᠡᠯᠲᠡ ᠶᠢᠨ ᠥᠭᠡᠷᠡᠴᠢᠯᠡᠯᠲᠡ ᠳᠤ ᠣᠷᠣᠯᠴᠠᠬᠤ᠂ ᠲᠤᠰ ᠭᠠᠵᠠᠷ ᠤᠨ ᠠᠵᠤ ᠠᠬᠤᠶᠢᠯᠠᠯ ᠲᠠᠢ ᠬᠠᠮᠲᠤᠷᠠᠭᠰᠠᠨ ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠥᠪᠥᠷ ᠮᠣᠩᠭᠤᠯ ᠤᠨ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠪᠦᠬᠦ ᠲᠠᠯ᠎ᠠ ᠪᠠᠷ ᠠᠭᠤᠰᠤᠯᠴᠠᠵᠤ᠂ ᠲᠤᠰ ᠪᠡᠶ᠎ᠡ ᠪᠠᠨ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠶᠢᠨ ᠬᠠᠮᠲᠤ ᠲᠤᠰ ᠭᠠᠵᠠᠷ ᠣᠷᠣᠨ ᠤ ᠪᠠᠷᠢᠯᠭ᠎ᠠ ᠶᠢᠨ ᠠᠵᠤ ᠠᠬᠤᠶᠢᠯᠠᠯ ᠢ ᠳᠠᠶᠢᠴᠢᠯᠠᠨ ︽ᠶᠠᠰᠤ ᠴᠢᠨᠠᠷ ᠢᠶᠠᠨ ᠪᠠᠲᠤᠳᠬᠠᠬᠤ︾ ᠶᠢ ᠬᠦᠰᠡᠵᠦ ᠪᠠᠶᠢᠨ᠎ᠠ᠃ ᠪᠠᠷᠢᠯᠭ᠎ᠠ ᠶᠢᠨ ᠠᠵᠤ ᠦᠢᠯᠡᠳᠪᠦᠷᠢᠵᠢᠯᠲᠡ᠂ ᠪᠣᠬᠢᠷᠲᠤᠯ ᠦᠭᠡᠢ᠂ ᠣᠶᠤᠨᠴᠢᠯᠠᠯᠲᠠ ᠶᠢᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠭᠡᠬᠦ ᠡᠨᠡᠬᠦ ᠰᠠᠶᠢᠨ ᠲᠣᠭᠲᠠᠴᠠ᠂ ᠲᠣᠮᠣ ᠲᠠᠪᠴᠠᠩ ᠢ ᠠᠰᠢᠭᠯᠠᠨ᠂ ᠨᠡᠩ ᠶᠡᠭᠡ ᠬᠡᠪᠴᠢᠶ᠎ᠡ᠂ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ ᠤ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠣᠷᠣᠬᠤ︾ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ ᠭᠡᠪᠡ᠃
2.jpg
    ᠹᠠᠨ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠤᠷᠲᠤ ᠬᠤᠭᠤᠴᠠᠭᠠᠨ ᠤ ᠲᠤᠷᠰᠢ ᠪᠡᠭᠡᠵᠢᠩ ᠤᠨ ᠵᠢᠶᠠᠨ ᠭᠦᠩ ᠪᠦᠯᠦᠭᠯᠡᠯᠳᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠯ ᠢᠶᠠᠨ ᠢᠯᠡᠳᠬᠡᠵᠦ᠂ ᠲᠡᠷᠡᠴᠢᠯᠡᠨ ᠣᠶᠢᠷ᠎ᠠ ᠶᠢᠨ ᠵᠢᠯ ᠤᠨ ᠲᠤᠷᠰᠢᠬᠢ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠲᠠᠨᠢᠯᠴᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠭᠤᠷᠪᠠᠨ ᠵᠢᠯ ᠳᠤ ︽ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾ ᠳᠤ ᠢᠳᠡᠪᠬᠢᠲᠡᠢ ᠣᠷᠣᠯᠴᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃
3.jpg
    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠢᠦᠢ ᠰᠢᠨ ᠹᠠᠩ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠯᠢᠦ ᠵᠢᠶᠠᠨ ᠬᠤᠸᠠ ᠶᠠᠷᠢᠯᠴᠠᠬᠤ ᠬᠤᠷᠠᠯ ᠳᠤ ᠣᠷᠣᠯᠴᠠᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠭᠡᠷ