2023 ᠣᠨ ᠤ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠵᠤ ᠪᠠᠲᠤᠯᠠᠭᠳᠠᠭᠰᠠᠨ ᠬᠥᠮᠦᠰ ᠤᠨ ᠨᠡᠷ᠎ᠡ ᠶᠢᠨ ᠪᠦᠷᠢᠳᠭᠡᠯ ᠢ ᠨᠡᠶᠢᠲᠡᠯᠡᠬᠦ ᠲᠤᠬᠠᠶ
ᠨᠡᠶᠢᠲᠡᠯᠡᠭᠰᠡᠨ ᠴᠠᠭ᠄
2023/9/1
    ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2023 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2020﹈ 79 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2023 ᠣᠨ ᠤ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠳᠡᠭᠡᠳᠦ ᠵᠡᠷᠭᠡ ᠶᠢᠨ ᠢᠨᠵᠧᠨᠧᠷ ᠢ ᠬᠢᠨᠠᠨ ᠲᠣᠭᠲᠠᠭᠠᠬᠤ ᠠᠵᠢᠯ ᠨᠢᠭᠡᠨᠲᠡ ᠳᠠᠭᠤᠰᠴᠤ᠂ ᠣᠲᠣ ᠠᠵᠢᠯᠲᠠᠨ ᠢᠶᠠᠷ ᠳᠡᠮᠵᠢᠨ ᠨᠡᠶᠢᠲᠡᠯᠡᠬᠦ ᠪᠠᠷ ᠪᠣᠶ᠃    ᠨᠡᠶᠢᠲᠡᠯᠡᠬᠦ ᠬᠤᠭᠤᠴᠠᠭ᠎ᠠ᠄ 2023 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ 8 ᠤ ᠡᠳᠦᠷ ᠪᠣᠯᠲᠠᠯ᠎ᠠ᠃    ᠨᠡᠶᠢᠲᠡᠯᠡᠬᠦ ᠬᠤᠭᠤᠴᠠᠭᠠᠨ ᠳᠤ ᠠᠰᠠᠭᠤᠳᠠᠯ ᠲᠠᠢ ᠪᠣᠯ ᠤᠲᠠᠰᠤ ᠢᠷᠡᠭᠦᠯᠬᠦ᠂ ᠴᠢᠮᠡᠭᠡ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠺᠣᠮᠢᠰ ᠤᠨ ᠬᠡᠷᠡᠭ ᠡᠷᠬᠢᠯᠡᠬᠦ ᠪᠠᠶᠢᠭᠤᠯᠤᠮᠵᠢ ᠳᠤ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠨᠢ ᠦᠨᠡᠨ ᠪᠣᠳᠠᠲᠠᠶ ᠪᠥᠭᠡᠳ ᠨᠠᠶᠢᠳᠠᠪᠤᠷᠢᠲᠠᠶ ᠪᠠᠶᠢᠬᠤ ᠬᠡᠷᠡᠭᠲᠡᠶ ︵ᠪᠢᠴᠢᠭ ᠮᠠᠲ᠋ᠧᠷᠢᠶᠠᠯ ᠢ ᠳᠠᠭᠠᠯᠳᠤᠭᠤᠯᠤᠨ᠎ᠠ︶᠂ ᠪᠠᠰᠠ ᠵᠢᠩᠬᠢᠨᠢ ᠣᠪᠣᠭ ᠨᠡᠷ᠎ᠡ ᠪᠠᠨ ᠪᠢᠴᠢᠬᠦ ᠬᠡᠷᠡᠭᠲᠡᠶ᠃    ᠬᠠᠷᠢᠯᠴᠠᠬᠤ ᠤᠲᠠᠰᠤ᠄ 0471-6509187     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠢᠭᠤᠯᠤᠯᠲᠠ ᠶᠢᠨ ᠢᠨᠵᠧᠨᠧᠷᠢᠩ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠤᠯᠠ ᠶᠢᠨ ᠬᠢᠷᠢ ᠭᠡᠮ ᠢ ᠬᠢᠨᠠᠨ ᠲᠣᠭᠲᠠᠭᠠᠬᠤ ᠺᠣᠮᠢᠰ
3.jpg
6.jpg
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ