ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠬᠤᠲᠠ ᠶᠢᠨ ᠰᠢᠲᠠᠮᠠᠬᠠᠢ ᠬᠡᠢ ᠶᠢᠨ ᠬᠤᠭᠤᠯᠠᠢ ᠵᠡᠷᠭᠡ ᠰᠢᠨᠡᠳᠬᠡᠨ ᠥᠭᠡᠷᠡᠴᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠸᠢᠳᠢᠤ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/13
    9 ᠳ᠋ᠤᠭᠡᠷ ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠪᠥᠬᠦ ᠣᠷᠣᠨ ᠤ ᠬᠤᠲᠠ ᠶᠢᠨ ᠰᠢᠲᠠᠮᠠᠬᠠᠢ ᠬᠡᠢ ᠶᠢᠨ ᠬᠤᠭᠤᠯᠠᠢ ᠵᠡᠷᠭᠡ ᠰᠢᠨᠡᠳᠬᠡᠨ ᠥᠭᠡᠷᠡᠴᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠸᠢᠳᠢᠤ᠋ ᠬᠤᠷᠠᠯ ᠢ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠢᠶᠧ ᠰᠢᠨ ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ᠂ 2023 ᠣᠨ ᠤ ᠪᠦᠬᠦ ᠣᠷᠣᠨ ᠤ ᠬᠤᠳᠠ ᠶᠢᠨ ᠰᠢᠲᠠᠮᠠᠬᠠᠢ ᠬᠡᠢ᠂ ᠤᠰᠤ ᠬᠠᠩᠭᠠᠬᠤ᠂ ᠤᠰᠤ ᠭᠠᠳᠠᠭᠰᠢᠯᠠᠭᠤᠯᠬᠤ᠂ ᠢᠯᠴᠢ ᠬᠠᠩᠭᠠᠬᠤ ᠵᠡᠷᠭᠡ ᠬᠤᠭᠤᠯᠠᠢ ᠶᠢᠨ ᠰᠢᠨᠡᠳᠬᠡᠨ ᠥᠭᠡᠷᠡᠴᠢᠯᠡᠬᠦ ᠠᠵᠢᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ 2024 ᠣᠨ ᠤ ᠬᠤᠳᠠ ᠶᠢᠨ ᠰᠢᠲᠠᠮᠠᠬᠠᠢ ᠬᠡᠢ ᠶᠢᠨ ᠬᠤᠭᠤᠯᠠᠢ ᠶᠢ ᠰᠢᠨᠡᠳᠬᠡᠨ ᠥᠭᠡᠷᠡᠴᠢᠯᠡᠬᠦ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠳᠤ ᠪᠠᠶᠢᠷᠢᠯᠠᠭᠤᠯᠤᠯᠲᠠ ᠬᠢᠵᠡᠢ᠃
W020230913343441843008.jpg
    ᠬᠤᠷᠠᠯ ᠠᠴᠠ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠬᠤᠳᠠ ᠶᠢᠨ ᠰᠢᠲᠠᠮᠠᠬᠠᠢ ᠬᠡᠢ ᠶᠢᠨ ᠬᠤᠭᠤᠯᠠᠢ ᠶᠢ ᠰᠢᠨᠡᠳᠬᠡᠨ ᠥᠭᠡᠷᠡᠴᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠯᠠᠨ ᠤᠳᠠᠭ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠪᠦᠬᠦ ᠣᠷᠣᠨ ᠤ ᠬᠤᠳᠠ ᠶᠢᠨ ᠰᠢᠲᠠᠮᠠᠬᠠᠢ ᠬᠡᠢ ᠶᠢᠨ ᠬᠤᠭᠤᠯᠠᠢ ᠵᠡᠷᠭᠡ ᠶᠢ ᠰᠢᠨᠡᠳᠬᠡᠨ ᠥᠭᠡᠷᠡᠴᠢᠯᠡᠬᠦ ᠠᠵᠢᠯ ᠤᠨ ᠠᠬᠢᠴᠠ ᠶᠢᠨ ᠬᠠᠷᠢᠭᠤ ᠮᠡᠳᠡᠭᠦᠯᠦᠯᠳᠡ ᠶᠢ ᠰᠤᠨᠤᠰᠴᠦ ᠠᠵᠢᠯ ᠪᠠᠶᠢᠷᠢᠯᠠᠭᠤᠯᠤᠭᠰᠠᠨ ᠪᠥᠭᠡᠳ ᠡᠨᠡᠬᠦ ᠠᠵᠢᠯ ᠢ 2023 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ 43 ᠬᠤᠪᠢ ᠠᠷᠠᠳ ᠤᠨ ᠠᠮᠢᠳᠤᠷᠠᠯ  ᠤᠨ ᠪᠣᠳᠠᠲᠤ ᠶᠠᠪᠤᠳᠠᠯ ᠤᠨ ᠨᠠᠷᠢᠨ ᠲᠠᠩᠰᠠᠨ ᠳᠤ ᠣᠷᠣᠭᠤᠯᠵᠠᠢ᠃ ᠡᠯ᠎ᠡ ᠭᠠᠵᠠᠷ ᠤᠨ ᠬᠢᠨ 2023 ᠣᠨ ᠤ ᠰᠢᠨᠡᠳᠬᠡᠨ ᠥᠭᠡᠷᠡᠴᠢᠯᠡᠬᠦ ᠡᠭᠦᠷᠭᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠢᠨᠠᠷ ᠰᠠᠶᠢᠲᠠᠢ ᠪᠡᠶᠡᠯᠡᠭᠦᠯᠵᠦ᠂ 2024 ᠣᠨ ᠤ ᠥᠭᠡᠷᠡᠴᠢᠯᠡᠯᠲᠡ ᠶᠢᠨ ᠲᠥᠯᠥᠪᠯᠡᠭᠡ ᠪᠣᠯᠣᠨ ᠲᠦᠷᠦᠯ ᠵᠦᠢᠯ ᠤᠨ ᠨᠠᠷᠢᠨ ᠳᠠᠩᠰᠠ ᠶᠢ ᠤᠷᠢᠳᠴᠢᠯᠠᠨ ᠲᠥᠯᠥᠪᠵᠢᠭᠦᠯᠵᠦ᠂ ᠬᠤᠳᠠ ᠶᠢᠨ ᠶᠠᠪᠤᠳᠠᠯ  ᠤᠨ ᠰᠠᠭᠤᠷᠢ ᠲᠥᠬᠦᠭᠡᠷᠦᠮᠵᠢ ᠶᠢᠨ ᠲᠤᠳᠠᠭᠳᠠᠯ ᠢ ᠲᠦᠷᠭᠡᠨ ᠨᠥᠬᠦᠪᠦᠷᠢᠯᠡᠵᠦ᠂ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠬᠦᠷᠢᠶᠡᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠠᠷᠢᠯᠭᠠᠬᠤ ᠬᠡᠷᠡᠭᠲᠡᠢ ᠭᠡᠵᠦ ᠵᠢᠭᠠᠨ ᠭᠠᠷᠭᠠᠪᠠ᠃    ᠬᠤᠷᠠᠯ ᠠᠴᠠ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ 2023 ᠣᠨ ᠤ ᠬᠤᠳᠠ ᠶᠢᠨ ᠰᠢᠲᠠᠮᠠᠬᠠᠢ ᠬᠡᠢ ᠶᠢᠨ ᠬᠤᠭᠤᠯᠠᠢ ᠵᠡᠷᠭᠡ ᠶᠢ ᠰᠢᠨᠡᠳᠬᠡᠨ ᠥᠭᠡᠷᠡᠴᠢᠯᠡᠬᠦ ᠬᠠᠷᠠᠯᠲᠠ ᠡᠭᠦᠷᠭᠡ ᠶᠢ ᠬᠤᠭᠤᠴᠠᠭ᠎ᠠ ᠬᠤᠪᠢᠶᠠᠨ ᠠᠯᠬᠤᠮ ᠬᠤᠪᠢᠶᠠᠨ ᠡᠮᠬᠢ ᠵᠢᠷᠤᠮ ᠲᠠᠢ ᠪᠡᠶᠡᠯᠡᠭᠦᠯᠬᠦ ᠬᠡᠷᠡᠭᠲᠡᠢ᠃ ᠬᠤᠭᠤᠯᠠᠢ ᠲᠣᠣᠷ ᠤᠨ ᠡᠪᠳᠡᠷᠡᠵᠦ ᠬᠤᠬᠢᠷᠠᠭᠰᠠᠨ᠂ ᠬᠦᠨᠳᠦ ᠨᠣᠴᠢᠲᠠᠢ ᠭᠤᠭᠤᠵᠢᠵᠤ ᠯᠠᠪᠠᠷᠠᠬᠤ ᠂ ᠳᠡᠯᠪᠡᠷᠡᠬᠦ ᠬᠠᠭᠠᠷᠠᠭᠰᠠᠨ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠬᠤᠳᠠ ᠶᠢᠨ ᠰᠢᠲᠠᠮᠠᠬᠠᠢ ᠬᠡᠢ ᠶᠢᠨ ᠬᠤᠭᠤᠯᠠᠢ ᠵᠡᠷᠭᠡ ᠠᠮᠤᠷ ᠲᠦᠪᠰᠢᠨ ᠤ ᠲᠠᠯᠳᠠ ᠭᠡᠮ ᠢ ᠠᠷᠢᠯᠭᠠᠨ᠎ᠠ᠃ ᠢᠳᠡᠪᠬᠢᠲᠡᠢ ᠤᠷᠢᠳᠴᠢᠯᠠᠨ ᠲᠥᠯᠥᠪᠯᠡᠵᠦ᠂ 2024 ᠣᠨ ᠤ ᠲᠦᠷᠦᠯ ᠵᠦᠢᠯ ᠤᠨ ᠨᠥᠭᠡᠴᠡ ᠪᠣᠯᠣᠨ ᠪᠡᠯᠡ ᠮᠥᠩᠭᠦᠨ ᠤ ᠬᠡᠷᠡᠭᠴᠡᠭᠡ ᠱᠠᠭᠠᠷᠳᠠᠯᠭ᠎ᠠ ᠶᠢ ᠮᠡᠳᠡᠭᠦᠯᠬᠦ ᠠᠵᠢᠯ ᠢ ᠬᠠᠨᠳᠤᠯᠭᠠᠲᠤ ᠴᠢᠨᠠᠷᠲᠠᠢ ᠪᠠᠷ ᠰᠠᠶᠢᠲᠤᠷ ᠬᠢᠬᠦ ᠬᠡᠷᠡᠭᠲᠡᠢ᠃ ᠲᠥᠪ ᠪᠠ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠴᠢᠷᠮᠠᠶᠢᠭᠰᠠᠨ ᠰᠠᠭᠤᠷᠢᠨ ᠳᠡᠭᠡᠷ᠎ᠡ᠂ ︽ᠵᠠᠰᠠᠭ ᠪᠠᠩᠬᠢ ᠠᠵᠤ ᠠᠬᠤᠶᠢᠯᠠᠯ︾ ᠢ ᠵᠣᠯᠭᠠᠭᠤᠯᠬᠤ ᠶᠢ ᠴᠢᠩᠭᠠᠷᠠᠭᠤᠯᠵᠤ᠂ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠨ᠎ᠡ᠃ ᠰᠢᠨᠵᠢᠯᠡᠬᠦ ᠤᠬᠠᠭᠠᠨᠴᠢ ᠪᠠᠷ ᠡᠮᠬᠢ ᠵᠢᠷᠤᠮ ᠲᠠᠢ ᠪᠠᠷ ᠠᠵᠢᠯ ᠡᠬᠢᠯᠡᠭᠦᠯᠵᠦ᠂ ᠪᠠᠷᠢᠯᠭ᠎ᠠ ᠶᠢᠨ ᠣᠷᠣᠨ ᠪᠦᠰᠡ᠂ ᠴᠠᠭ ᠤᠨ ᠳᠠᠷᠠᠭᠠᠯᠠᠯ᠂ ᠪᠠᠷᠢᠯᠭ᠎ᠠ ᠶᠢᠨ ᠬᠤᠭᠤᠴᠠᠭ᠎ᠠ ᠶᠢ ᠵᠦᠢ ᠵᠣᠬᠢᠰᠲᠠᠢ ᠲᠣᠬᠢᠷᠠᠭᠤᠯᠵᠤ᠂ ᠵᠠᠮ ᠬᠠᠷᠢᠯᠴᠠᠭ᠎ᠠ ᠶᠢ ᠲᠠᠰᠤᠯᠬᠤ᠂ ᠳᠠᠪᠬᠤᠷᠳᠠᠭᠤᠯᠤᠨ ᠮᠠᠯᠲᠠᠬᠤ᠂ ᠤᠯᠠᠨ ᠤᠳᠠᠭ᠎ᠠ ᠠᠷᠠᠳ ᠢ ᠦᠢᠮᠡᠭᠦᠯᠬᠦ᠂ ︽ᠵᠠᠰᠠᠮᠠᠯ ᠵᠠᠮ ᠤᠨ ᠲᠣᠪᠴᠢᠯᠠᠭᠤᠷ︾ ᠵᠡᠷᠭᠡ ᠠᠰᠠᠭᠤᠳᠠᠯ ᠢ ᠪᠠᠭᠠᠰᠬᠠᠨ᠎ᠠ᠃ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠥᠭᠡᠷᠡᠴᠢᠯᠡᠬᠦ ᠳᠤ ᠣᠷᠣᠯᠴᠠᠭᠰᠠᠨ ᠡᠯ᠎ᠡ ᠲᠠᠯ᠎ᠠ ᠶᠢᠨ ᠪᠠᠷᠢᠯᠭ᠎ᠠ ᠶᠢᠨ ᠶᠠᠰᠤ ᠴᠢᠨᠠᠷ ᠪᠣᠯᠣᠨ ᠪᠠᠷᠢᠯᠭ᠎ᠠ ᠶᠢᠨ ᠠᠵᠢᠯ ᠤᠨ ᠠᠶᠦᠯᠭᠦᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠶᠠᠰᠤ ᠴᠢᠨᠠᠷ ᠤᠨ ᠠᠶᠦᠯᠭᠦᠢ ᠶᠢᠨ ᠲᠠᠯᠳᠠ ᠭᠡᠮ ᠢ ᠡᠷᠡᠰ ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠲᠦᠯᠦᠪᠯᠡᠯᠭᠡᠳᠦ ᠡᠳ᠋ ᠤᠨ ᠶᠠᠪᠤᠳᠠᠯ ᠤᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠪᠡᠯᠡ ᠣᠷᠣᠭᠤᠯᠤᠯᠲᠠ ᠶᠢᠨ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠪᠡ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠭᠠᠵᠠᠷ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠠᠵᠢᠯᠲᠠᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ 
ᠢᠷᠡᠯᠲᠡ᠄ ᠲᠦᠯᠦᠪᠯᠡᠯᠭᠡᠳᠦ ᠡᠳ᠋ ᠤᠨ ᠶᠠᠪᠤᠳᠠᠯ ᠤᠨ ᠭᠠᠵᠠᠷ