ᠶᠡᠷᠦᠩᠬᠡᠢ ᠱᠦᠵᠢ ᠰᠢ ᠶᠢᠨ ᠫᠢᠩ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠬᠠᠢ ᠰᠢᠷᠢᠰ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ | ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠢ ᠨᠠᠶᠢᠳᠠᠪᠦᠷᠢᠵᠢᠭᠤᠯᠬᠤ ᠶᠢᠨ ᠲᠦᠯᠦᠭᠡ᠂ 9 ᠳ᠋ᠤᠭᠡᠷ ᠰᠠᠷ᠎ᠠ ᠶᠢᠨ 13 ᠤ ᠡᠳᠦᠷ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠮᠳᠠᠭᠤᠯᠤᠨ ᠵᠢᠯᠤᠭᠤᠳᠴᠤ ᠪᠠᠶᠢᠴᠠᠭᠠᠬᠤ | ᠳᠤᠭᠤᠶᠢᠯᠠᠩ ᠥᠪᠥᠷ ᠮᠣᠩᠭᠤᠯ ᠳᠤ ᠢᠷᠡᠵᠡᠢ᠂ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠠᠵᠢᠯ ᠤᠨ ᠠᠭᠤᠯᠵᠠᠯᠲᠠ ᠶᠢᠨ ᠬᠤᠷᠠᠯ ᠬᠢᠵᠦ᠂ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ | ᠲᠢᠩᠬᠢᠮ ᠤᠨ ᠳᠡᠳ᠋ ᠳᠠᠷᠤᠭ᠎ᠠ ᠢᠦᠢ ᠰᠢᠨ ᠹᠠᠩ ᠬᠤᠷᠠᠯ ᠡᠷᠭᠢᠯᠡᠭᠰᠡᠨ ᠪᠥᠭᠡᠳ ᠬᠤᠯᠪᠣᠭᠳᠠᠯ ᠪᠦᠬᠦᠢ ᠠᠵᠢᠯ ᠢᠶᠠᠨ ᠬᠠᠷᠢᠭᠤ ᠮᠡᠳᠡᠭᠦᠯᠵᠦ᠂ ᠰᠢᠮᠳᠠᠭᠤᠯᠤᠨ | ᠵᠢᠯᠤᠭᠤᠳᠬᠤ ᠳᠤᠭᠤᠶᠢᠯᠠᠩ ᠤᠨ ᠳᠠᠷᠤᠭ᠎ᠠ ᠶᠠᠩ ᠬᠤᠩ ᠢ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠶᠠᠩ ᠬᠤᠩ ᠢ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢ ᠤᠯᠠᠮᠵᠢᠯᠠᠵᠤ᠂ ᠠᠵᠢᠯ ᠤᠨ ᠱᠠᠭᠠᠷᠳᠠᠯᠭ᠎ᠠ | ᠳᠤᠷᠠᠳᠪᠠ᠂ ᠲᠡᠷᠡ ᠴᠢᠬᠤᠯᠠᠴᠢᠯᠠᠬᠤ ᠳᠠᠭᠠᠨ᠂ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ︽ᠬᠠᠲᠠᠭᠤ ᠪᠡᠶᠡᠲᠦ ᠬᠠᠶᠠᠭᠳᠠᠮᠠᠯ | ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾ ᠳᠠᠬᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠳᠤ | ᠬᠤᠯᠪᠣᠭᠳᠠᠭᠰᠠᠨ ᠬᠠᠮᠢᠶ᠎ᠠ ᠪᠦᠬᠦᠢ ᠵᠦᠢᠯ ᠵᠤᠷᠪᠤᠰ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠠᠤᠯᠢ ᠶᠣᠰᠣᠭᠠᠷ ᠲᠦᠯᠬᠢᠨ ᠠᠬᠢᠭᠤᠯᠬᠤ ᠬᠡᠷᠡᠭᠲᠡᠢ᠃ ᠤᠳᠤ ᠶᠢᠨ | ᠨᠥᠬᠦᠴᠡᠯ ᠳᠣᠣᠷ᠎ᠠ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠬᠡᠷᠬᠢᠨ ᠠᠬᠢᠭᠤᠯᠬᠤ ᠲᠤᠬᠠᠢ ᠢᠯᠡᠭᠦᠬᠡᠨ ᠰᠡᠳᠬᠢᠵᠦ᠂ ᠢᠯᠡᠭᠦᠬᠡᠨ | ᠰᠦᠪᠡᠭᠴᠢᠯᠡᠵᠦ᠂ ᠢᠯᠡᠭᠦᠬᠡᠨ ᠳ᠋ᠦᠩᠨᠡᠵᠦ᠂ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠳᠤᠮᠳᠠ᠂ ᠰᠢᠨᠵᠢᠯᠡᠬᠦ ᠤᠬᠠᠭᠠᠨᠴᠢ ᠰᠡᠳᠬᠢᠬᠦᠢ ᠪᠠᠷ ᠬᠥᠭᠵᠢᠯᠲᠡ ᠶᠢ | ᠰᠦᠪᠡᠭᠴᠢᠯᠡᠵᠦ᠂ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠭᠦᠢᠴᠡᠳ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠶᠢ | ᠪᠠᠷᠢᠮᠲᠠᠯᠠᠵᠤ᠂ ᠴᠢᠳᠠᠪᠤᠷᠢ ᠶᠢᠨ ᠲᠤᠳᠠᠭᠳᠠᠯ ᠢ ᠨᠥᠬᠦᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ ᠮᠥᠷᠲᠡᠭᠡᠨ ᠪᠠᠰᠠ ᠰᠣᠬᠤᠷ ᠪᠠᠯᠠᠢ ᠪᠠᠷ ᠪᠦᠲᠦᠭᠡᠨ | ᠪᠠᠶᠢᠭᠤᠯᠬᠤ᠂ ᠡᠮᠬᠢ ᠵᠢᠷᠤᠮ ᠦᠭᠡᠢ ᠪᠦᠲᠦᠭᠡᠨ ᠪᠠᠶᠢᠭᠤᠯᠤᠯᠲᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠵᠦ᠂ ︽ᠨᠢᠭᠡ ᠯᠡ ᠠᠳᠠᠯᠢ ᠪᠠᠷ ᠱᠠᠭᠠᠷᠳᠠᠬᠤ︾ ︽ | ᠬᠥᠳᠡᠯᠭᠡᠭᠡᠨᠲᠦ ᠬᠡᠯᠪᠡᠷᠢ︾ ᠪᠠᠷ ᠲᠦᠷᠦᠯ ᠬᠤᠪᠢᠶᠠᠬᠤ ᠶᠢ ᠬᠡᠷᠡᠭᠵᠢᠭᠦᠯᠬᠦ ᠦᠭᠡᠢ ᠃ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠰᠠᠯᠠᠭ᠎ᠠ ᠮᠥᠴᠢᠷ ᠤᠨ | ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠨᠡᠬᠦ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠰᠡᠳᠬᠢᠯ ᠲᠠᠯᠪᠢᠨ ᠰᠠᠶᠢᠲᠤᠷ ᠬᠢᠬᠦ ᠬᠡᠷᠡᠭᠲᠡᠢ᠃ ᠰᠢᠮᠳᠠᠭᠤᠯᠤᠨ | ᠵᠢᠯᠤᠭᠤᠳᠬᠤ ᠳᠤᠭᠤᠶᠢᠯᠠᠩ ᠥᠪᠥᠷ ᠮᠣᠩᠭᠤᠯ ᠳᠤ ᠪᠠᠶᠢᠬᠤ ᠬᠤᠭᠤᠴᠠᠭᠠᠨ ᠳᠠᠭᠠᠨ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ | ᠬᠤᠲᠠ᠂ ᠣᠷᠳᠣᠰ ᠬᠤᠲᠠ ᠶᠢ ᠲᠤᠬᠠᠢ ᠶᠢᠨ ᠭᠠᠵᠠᠷ ᠲᠤᠨᠢ ᠰᠢᠮᠳᠠᠭᠤᠯᠤᠨ ᠵᠢᠯᠣᠭᠤᠳᠤᠨ᠎ᠠ᠃ | ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ | ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠵᠢᠴᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ | ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | |