9 ᠳ᠋ᠤᠭᠡᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ | ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠢ | ᠦᠨᠡᠯᠡᠬᠦ ᠠᠵᠢᠯ ᠤᠨ ᠬᠡᠷᠡᠭᠵᠢᠭᠦᠯᠬᠦ ᠭᠠᠷ ᠠᠪᠤᠯᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠭᠠᠷ ᠠᠪᠤᠯᠭ᠎ᠠ︾ ᠭᠡᠵᠦ ᠲᠣᠪᠴᠢᠯᠠᠨ᠎ᠠ︶ ᠶᠢ ᠬᠢᠨᠠᠨ | ᠦᠨᠡᠯᠡᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠥᠪ ᠤᠨ ᠬᠠᠮᠢᠶ᠎ᠠ ᠪᠦᠬᠦᠢ ᠠᠵᠢᠯᠲᠠᠨ᠂ ᠭᠤᠣᠯ ᠨᠠᠶᠢᠷᠠᠭᠤᠯᠤᠨ ᠵᠤᠬᠢᠶᠠᠬᠤ ᠠᠵᠢᠯᠲᠠᠨ ᠵᠢᠴᠢ | ᠮᠡᠷᠭᠡᠵᠢᠯ ᠤᠨ ᠬᠢᠨᠠᠨ ᠦᠨᠡᠯᠡᠬᠦ ᠲᠤᠰᠬᠠᠢ ᠮᠡᠷᠭᠡᠵᠢᠯᠲᠡᠨ ᠬᠤᠷᠠᠯ ᠳᠤ ᠣᠷᠣᠯᠴᠠᠪᠠ᠃ | | | | | | ᠬᠤᠷᠠᠯ ᠳᠡᠭᠡᠷ᠎ᠡ᠂ ᠨᠠᠶᠢᠷᠠᠭᠤᠯᠤᠨ ᠵᠣᠬᠢᠶᠠᠬᠤ ᠳᠤᠭᠤᠶᠢᠯᠠᠩ ᠤᠨ ᠬᠢᠨ ︽ᠭᠠᠷ ᠠᠪᠤᠯᠭ᠎ᠠ︾ ᠶᠢᠨ ᠰᠡᠳᠦᠪ ᠲᠣᠭᠲᠠᠭᠠᠭᠰᠠᠨ ᠠᠬᠤᠢ ᠪᠠᠶᠢᠳᠠᠯ᠂ ᠭᠤᠣᠯ | ᠠᠭᠤᠯᠭ᠎ᠠ᠂ ᠪᠠᠶᠢᠴᠠᠭᠠᠨ ᠰᠤᠳᠤᠯᠤᠯᠲᠠ ᠶᠢᠨ ᠪᠠᠶᠢᠳᠠᠯ᠂ ᠨᠠᠶᠢᠷᠠᠭᠤᠯᠤᠨ ᠵᠣᠬᠢᠶᠠᠭᠰᠠᠨ ᠶᠠᠪᠤᠴᠠ ᠶᠢᠨ ᠲᠤᠬᠠᠢ ᠬᠠᠷᠢᠭᠤ ᠮᠡᠳᠡᠭᠦᠯᠦᠯᠲᠡ ᠬᠢᠪᠡ᠃ ᠬᠢᠨᠠᠨ ᠦᠨᠡᠯᠡᠬᠦ | ᠲᠤᠰᠬᠠᠢ ᠮᠡᠷᠭᠡᠵᠢᠯᠲᠡᠨ ᠠᠴᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠰᠠᠨᠠᠯ ᠰᠠᠨᠠᠭᠤᠯᠭ᠎ᠠ ᠳᠤᠷᠠᠳᠪᠠ᠃ ᠬᠤᠷᠠᠯ ᠠᠴᠠ ᠱᠠᠭᠠᠷᠳᠠᠭᠰᠠᠨ ᠨᠢ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠣᠷᠣᠨ ᠤ ᠣᠨᠴᠠᠯᠢᠭ ᠲᠠᠢ ᠤᠶᠠᠯᠳᠤᠭᠤᠯᠤᠨ᠂ ᠠᠭᠤᠯᠭ᠎ᠠ ᠨᠢ ᠪᠦᠷᠢᠨ ᠪᠦᠲᠦᠨ᠂ ᠪᠦᠲᠦᠴᠡ ᠨᠢ ᠵᠦᠢ | ᠵᠣᠬᠢᠰᠲᠠᠢ᠂ ᠨᠡᠯᠢᠶᠡᠳ ᠴᠢᠩᠭ᠎ᠠ ᠬᠡᠷᠡᠭᠵᠢᠭᠦᠯᠵᠦ ᠪᠣᠯᠬᠤᠶᠢᠴᠠ ᠭᠠᠷ ᠠᠪᠤᠯᠭ᠎ᠠ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ ᠭᠡᠵᠡᠢ᠃ | ᠪᠠᠷᠢᠯᠭ᠎ᠠ ᠶᠢᠨ ᠠᠵᠢᠯ ᠤᠨ ᠶᠠᠰᠤ ᠴᠢᠨᠠᠷ ᠢ ᠦᠨᠡᠯᠡᠬᠦ ᠠᠵᠢᠯ ᠤᠨ ᠭᠦᠢᠴᠡᠳᠬᠡᠬᠦ ᠲᠤᠭ᠎ᠠ ᠵᠢᠴᠢ ᠠᠵᠢᠯ ᠤᠨ ᠳᠡᠰ ᠳᠠᠷᠠᠭ᠎ᠠ ᠶᠢ ᠲᠤᠳᠤᠷᠬᠠᠶᠢᠯᠠᠵᠦ᠂ ᠣᠲᠣ ᠶᠢᠨ | ᠬᠡᠷᠡᠭᠵᠢᠭᠦᠯᠵᠦ ᠪᠠᠶᠢᠭ᠎ᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠵᠢᠷᠤᠮᠵᠢᠯ ᠢ ᠪᠦᠲᠦᠮᠵᠢᠲᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠪᠥᠬᠦ ᠣᠷᠣᠨ ᠤ ᠪᠠᠷᠢᠯᠭ᠎ᠠ ᠶᠢᠨ ᠢᠨᠵᠧᠨᠧᠷᠢᠩ ᠤᠨ ᠦᠨᠡᠯᠡᠯᠲᠡ ᠶᠢᠨ ᠰᠢᠰᠲ᠋ᠧᠮᠵᠢ ᠶᠢ ᠪᠦᠷᠢᠨᠰᠢᠭᠦᠯᠦᠨ᠂ ᠮᠠᠨ ᠤ ᠣᠷᠣᠨ ᠤ ᠪᠠᠷᠢᠯᠭ᠎ᠠ ᠶᠢᠨ ᠢᠨᠵᠧᠨᠧᠷᠢᠩ ᠤᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠬᠤ ᠶᠢᠨ ᠲᠦᠯᠦᠭᠡ᠂ ᠶᠠᠰᠤ ᠴᠢᠨᠠᠷ ᠤᠨ ᠠᠮᠤᠷ ᠲᠦᠪᠰᠢᠨ ᠤ ᠲᠥᠪ ᠨᠢ | ᠡᠨᠡ ᠵᠢᠯ ᠤᠨ ᠡᠬᠢᠨ ᠳᠤ ︽ᠭᠠᠷ ᠠᠪᠤᠯᠭ᠎ᠠ︾ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠣᠳᠣᠬᠠᠨ ᠳᠤ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ | ᠠᠬᠢᠭᠤᠯᠵᠤ᠂ ᠲᠥᠯᠥᠪᠯᠡᠭᠡ ᠶᠣᠰᠣᠭᠠᠷ 9 ᠳ᠋ᠤᠭᠡᠷ ᠰᠠᠷ᠎ᠠ ᠳᠤ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠎ᠡ᠃ | |