︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠰᠠᠶᠢᠲᠤᠷ ᠬᠢᠵᠦ ᠮᠠᠯᠵᠢᠬᠤ ᠲᠠᠷᠢᠶᠠᠯᠠᠬᠤ ᠣᠷᠣᠨ ᠢ ︽  ᠭᠤᠶᠤᠵᠢᠭᠤᠯᠤᠶ᠎ᠠ︾
ᠨᠡᠶᠢᠲᠡᠯᠡᠭᠰᠡᠨ ᠴᠠᠭ᠄
2023/9/18
    ᠣᠶᠢᠷ᠎ᠠ ᠶᠢᠨ ᠵᠢᠯ ᠠᠴᠠ᠂ ᠰᠢᠯᠢ ᠶᠢᠨ ᠭᠤᠣᠯ ᠠᠶᠢᠮᠠᠭ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ ᠣᠳᠣᠬᠠᠨ ᠪᠣᠯᠲᠠᠯ᠎ᠠ᠂ ᠪᠥᠬᠦ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢᠨ ᠪᠦᠷᠬᠦᠴᠡ ᠶᠢᠨ ᠨᠣᠷᠮ᠎ᠠ 62% ᠬᠦᠷᠴᠦ᠂ 2022 ᠣᠨ ᠤ ᠰᠡᠭᠦᠯᠴᠢ ᠶᠢᠨ ᠬᠢ ᠠᠴᠠ 12 ᠵᠠᠭᠤᠨ ᠤ ᠨᠢᠭᠡᠴᠢ ᠳᠡᠭᠡᠭᠰᠢᠯᠡᠵᠡᠢ᠃    ᠰᠢᠯᠢ ᠶᠢᠨ ᠭᠤᠣᠯ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠲᠤᠰᠬᠠᠢ ᠵᠦᠢᠯ ᠢᠶᠠᠷ ᠵᠢᠯᠤᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠮᠢᠶ᠎ᠠ ᠪᠦᠬᠦᠢ ᠭᠠᠵᠠᠷ ᠣᠷᠣᠨ ᠤ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠲᠣᠬᠢᠷᠠᠭᠤᠯᠬᠤ ᠶᠢ ᠰᠢᠮᠳᠠᠭᠤᠯᠤᠨ ᠵᠢᠯᠤᠭᠤᠳᠴᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠲᠥᠬᠦᠭᠡᠷᠦᠮᠵᠢ ᠬᠤᠳᠠᠯᠳᠤᠨ ᠠᠪᠬᠤ ᠠᠵᠢᠯ ᠢ ᠲᠦᠷᠭᠡᠳᠬᠡᠨ ᠠᠬᠢᠭᠤᠯᠪᠠ᠃ 8 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ᠂ ᠠᠪᠠᠭ᠎ᠠ ᠬᠤᠰᠢᠭᠤ᠂ ᠲᠠᠶᠢᠫᠤᠰᠧ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠲᠤᠯᠤᠨ ᠨᠠᠭᠤᠷ ᠰᠢᠶᠠᠨ ᠵᠡᠷᠭᠡ 4 ᠭᠠᠵᠠᠷ ᠣᠷᠣᠨ ᠤ ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠥᠬᠦᠭᠡᠷᠦᠮᠵᠢ ᠨᠢᠭᠡᠨᠲᠡ ᠪᠡᠯᠡᠨ ᠪᠣᠯᠤᠭᠰᠠᠨ ᠪᠠᠶᠢᠨ᠎ᠠ᠃     ᠠᠪᠠᠭ᠎ᠠ ᠬᠤᠰᠢᠭᠤᠨ ᠤ ᠵᠢᠷᠭᠠᠯᠠᠩᠳᠦ ᠰᠤᠮᠤ ᠳᠤ᠂ ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠡᠷᠡᠭᠦᠯ ᠬᠠᠮᠠᠭᠠᠯᠠᠯ ᠠᠷᠢᠭᠤᠨ ᠴᠡᠪᠡᠷ ᠢ ᠪᠠᠲᠤᠯᠠᠬᠤ ᠠᠵᠢᠯ ᠢ ᠥᠨᠳᠥᠷ ᠪᠦᠲᠦᠮᠵᠢᠲᠦ᠂ ᠲᠤᠰᠬᠠᠶᠢᠵᠢᠯᠲᠠ ᠪᠠ ᠪᠠᠶᠢᠩᠭᠤᠵᠢᠯᠲᠠ ᠶᠢ ᠪᠡᠶᠡᠯᠡᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ︽ᠥᠩᠭᠡ ᠵᠢᠰᠦ︾ ᠶᠢ ᠳᠡᠭᠡᠭᠰᠢᠯᠡᠭᠦᠯᠬᠦ ᠶᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠴᠢᠨᠠᠷ ᠴᠢᠨᠰᠠᠭ᠎ᠠ︾ ᠶᠢ ᠨᠡᠮᠡᠭᠳᠡᠭᠦᠯᠬᠦ ᠶᠢ ᠠᠬᠢᠭᠤᠯᠪᠠ᠃ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠢ ᠰᠢᠢᠳᠪᠦᠷᠢᠯᠡᠪᠡ᠃ ᠰᠢᠯᠢ ᠶᠢᠨ ᠭᠤᠣᠯ ᠠᠶᠢᠮᠠᠭ ᠤᠨ ᠡᠯ᠎ᠡ ᠭᠠᠵᠠᠷ ᠤᠨ ᠬᠢᠨ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠰᠢᠢᠳᠪᠦᠷᠢᠯᠡᠬᠦ ᠲᠦᠭᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠶᠢᠷ᠎ᠠ ᠶᠢᠨ ᠬᠤᠭᠤᠴᠠᠭᠠᠨ ᠳᠤ ᠪᠠᠰᠠ 100 ᠵᠠᠰᠠᠭ ᠵᠠᠬᠢᠷᠭᠠᠨ ᠤ ᠲᠣᠰᠬᠤᠨ ᠢ ᠰᠢᠨ᠎ᠡ ᠪᠠᠷ ᠥᠷᠭᠡᠳᠬᠡᠨ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯ ᠳᠤ ᠰᠢᠨ᠎ᠡ ᠦᠷ᠎ᠡ ᠪᠦᠲᠦᠮᠵᠢ ᠣᠯᠪᠠ᠃ 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ